4 ᠰᠠᠷ᠎ᠠ ᠶᠢᠨ 15 ᠤ ᠡᠳᠦᠷ ᠪᠣᠯ ᠶᠢᠰᠦᠳᠡᠬᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ ᠪᠣᠯᠣᠨ᠎ᠠ᠃ ᠲᠤᠬᠠᠢ ᠶᠢᠨ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ | ᠠᠯᠪᠠᠨ ᠭᠡᠷ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ | ᠬᠡᠯᠲᠡᠰ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠪᠡ᠃ ᠵᠠᠰᠠᠭ ᠤᠨ ᠣᠷᠳᠣᠨ ᠤ ᠳᠡᠳ᠋ ᠰᠢᠶᠠᠨ ᠤ | ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠬᠦᠶ ᠭᠦᠸᠧ ᠰᠢᠨ ᠠᠵᠢᠯᠯᠠᠭ᠎ᠠ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ | ᠠᠵᠢᠯᠯᠠᠭ᠎ᠠ ᠶᠢᠨ ᠳᠤᠮᠳᠠ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ᠂ ᠤᠬᠠᠭᠤᠯᠭ᠎ᠠ ᠶᠢᠨ ᠰᠠᠮᠪᠠᠷ᠎ᠠ | ᠲᠠᠯᠪᠢᠬᠤ ᠪᠠ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠤᠬᠠᠭᠤᠯᠭ᠎ᠠ ᠬᠥᠮᠦᠵᠢᠯ ᠢ ᠥᠷᠨᠢᠭᠦᠯᠪᠡ᠃ | ᠲᠤᠬᠠᠢ ᠶᠢᠨ ᠲᠠᠯᠠᠪᠤᠷ ᠲᠤ ᠭᠠᠷᠭᠠᠭᠰᠠᠨ ᠦᠵᠡᠭᠦᠯᠦᠯᠭᠡ ᠶᠢᠨ ᠰᠠᠮᠪᠠᠷ᠎ᠠ ᠶᠢᠨ ᠠᠭᠤᠯᠭ᠎ᠠ ᠨᠢ ᠪᠠᠶᠠᠯᠢᠭ ᠪᠠᠶᠢᠵᠤ᠂ | ᠣᠯᠠᠨ ᠲᠦᠮᠡᠨ ᠢ ᠤᠯᠤᠰ ᠤᠨ ᠠᠮᠤᠷ ᠲᠦᠪᠰᠢᠨ ᠤ ᠲᠤᠬᠠᠢ ᠨᠠᠩ ᠪᠥᠬᠦ ᠲᠠᠯ᠎ᠠ ᠶᠢᠨ ᠪᠥᠭᠡᠳ ᠭᠦᠨᠵᠡᠭᠡᠢ | ᠲᠠᠨᠢᠯᠲᠠ ᠲᠠᠢ ᠪᠣᠯᠭᠠᠭᠰᠠᠨ ᠢᠶᠠᠷ ᠪᠠᠷᠠᠬᠤ ᠦᠭᠡᠢ᠂ ᠪᠠᠰᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠲᠤᠬᠠᠢ | ᠣᠯᠠᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ | ᠪᠠᠶᠢᠨ᠎ᠠ᠃ ᠠᠵᠢᠯᠲᠠᠳ ᠲᠤᠬᠠᠢ ᠶᠢᠨ ᠲᠠᠯᠠᠪᠠᠢ ᠳᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠠᠮᠤᠷ ᠲᠦᠪᠰᠢᠨ ᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ | ᠡᠰᠡᠷᠭᠦᠴᠡᠬᠦ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ | ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠠᠮᠤᠷ | ᠲᠦᠪᠰᠢᠨ ᠤ ᠤᠬᠠᠮᠰᠠᠷ ᠢ ᠳᠡᠭᠡᠭᠰᠢᠯᠡᠭᠦᠯᠵᠡᠢ᠃ | ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ· | ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ 10 ᠵᠢᠯ ᠤᠨ ᠤᠢ︾ ᠭᠡᠬᠦ ᠭᠤᠣᠯ ᠰᠡᠳᠦᠪ ᠤᠨ | ᠲᠣᠭᠤᠷᠢᠨ ᠳᠤ᠂ ᠤᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ | ᠴᠢᠨᠠᠭᠰᠢᠳᠠ ᠠᠬᠢᠭᠤᠯᠵᠤ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ | ᠬᠠᠮᠲᠤᠪᠠᠷ ᠪᠠᠶᠢᠭᠤᠯᠤᠨ᠎ᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |