ᠪᠦᠬᠦ ᠰᠢᠶᠠᠨ ᠤ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠵᠢᠴᠢ ᠭᠡᠷᠡᠲᠦ ᠡᠨᠧᠷᠭᠢ ᠶᠢᠨ ᠬᠠᠮᠢᠶᠠᠷᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/15
     ᠪᠥᠬᠦ ᠰᠢᠶᠠᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠰᠠᠭᠤᠷᠢ ᠶᠢ ᠪᠠᠲᠤᠳᠬᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠦᠴᠦᠸᠠᠨ ᠰᠢᠶᠠᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠵᠢᠴᠢ ᠭᠡᠷᠡᠲᠦ ᠡᠨᠧᠷᠭᠢ ᠶᠢᠨ ᠬᠠᠮᠢᠶᠠᠷᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᡁᠢ ᠵᠢᠶᠠᠨ ᠭᠠᠩ ᠬᠤᠷᠠᠯ ᠳᠤ ᠣᠷᠣᠯᠴᠠᠵᠠᠢ᠃      ᠬᠤᠷᠠᠯ ᠠᠴᠠ ᠬᠤᠲᠠ ᠶᠢᠨ ᠪᠠᠶᠢᠭᠤᠯᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠰᠠᠯᠠᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠤᠷᠢᠵᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠬᠢᠯᠭᠡᠪᠡ᠃ ᠳᠠᠷᠠᠭ᠎ᠠ ᠨᠢ 2024 ᠣᠨ ᠤ ᠪᠦᠬᠦ ᠰᠢᠶᠠᠨ ᠤ ᠤᠯᠠᠨ ᠨᠡᠶᠢᠲᠡ ᠶᠢᠨ ᠪᠠᠶᠢᠭᠤᠯᠤᠮᠵᠢ ᠶᠢᠨ ᠭᠡᠷᠡᠲᠦ ᠡᠨᠧᠷᠭᠢ ᠶᠢᠨ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ᠂ ᠰᠢᠶᠠᠨ ᠤ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠬᠠᠷᠠᠯᠲᠠ ᠶᠢ ᠯᠠᠪᠳᠠᠭᠤᠨ ᠪᠠᠲᠤᠲᠠᠢ ᠪᠡᠶᠡᠯᠡᠭᠦᠯᠵᠦ᠂ ᠥᠪᠡᠷ ᠤᠨ ᠦᠷᠳᠡᠭ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠤᠬᠠᠮᠰᠠᠷ ᠢ ᠤᠯᠠᠨ ᠨᠡᠶᠢᠲᠡ ᠶᠢᠨ ᠪᠠᠶᠢᠭᠤᠯᠤᠮᠵᠢ ᠶᠢᠨ ᠠᠵᠢᠯᠯᠠᠭᠠᠨ ᠤ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠠᠵᠢᠯᠴᠢ ᠠᠷᠪᠢᠴᠢ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠲᠥᠷᠥᠯ ᠵᠦᠢᠯ ᠤᠨ ᠠᠵᠢᠯ ᠤᠨ ᠰᠢᠰᠲ᠋ᠧᠮᠲᠦ ᠴᠢᠨᠠᠷ᠂ ᠪᠠᠷᠠᠭᠠᠯᠬᠢᠯᠠᠯᠳᠤ ᠴᠢᠨᠠᠷ ᠪᠠ ᠴᠢᠭᠯᠡᠭᠦᠯᠦᠯᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠂ ᠡᠨᠧᠷᠭᠢ ᠡᠬᠢ ᠪᠠᠶᠠᠯᠢᠭ ᠤᠨ ᠬᠡᠷᠡᠭᠯᠡᠭᠡᠨ ᠤ ᠲᠤᠭ᠎ᠠ ᠪᠦᠷᠢᠳᠬᠡᠯ ᠪᠠ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠡᠬᠢ ᠪᠠᠶᠠᠯᠢᠭ ᠢ ᠠᠷᠪᠢᠯᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠨᠧᠷᠭᠢ ᠠᠷᠪᠢᠯᠠᠬᠤ ᠤᠬᠠᠭᠤᠯᠭ᠎ᠠ ᠪᠣᠯᠪᠠᠰᠤᠷᠠᠭᠤᠯᠤᠯ ᠢ ᠭᠦᠨᠵᠡᠭᠡᠢ ᠥᠷᠨᠢᠭᠦᠯᠵᠦ᠂ ᠡᠨᠧᠷᠭᠢ ᠠᠷᠪᠢᠯᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠡᠨᠧᠷᠭᠢ ᠠᠷᠪᠢᠯᠠᠬᠤ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠡᠨᠧᠷᠭᠢ ᠠᠷᠪᠢᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠰᠢᠶᠠᠨ ᠤ ᠤᠯᠠᠨ ᠨᠡᠶᠢᠲᠡ ᠶᠢᠨ ᠪᠠᠶᠢᠭᠤᠯᠤᠮᠵᠢ ᠶᠢᠨ ᠲᠦᠷᠦᠭᠦᠯᠡᠨ ᠠᠷᠪᠢᠯᠠᠨ ᠭᠠᠮᠨᠠᠬᠤ ᠶᠢ ᠲᠦᠯᠬᠢᠨ ᠠᠬᠢᠭᠤᠯᠵᠤ ᠪᠦᠬᠦ ᠰᠢᠶᠠᠨ ᠤ ᠨᠡᠶᠢᠭᠡᠮ ᠤᠨ ᠴᠢᠨᠠᠷ ᠰᠠᠶᠢᠲᠠᠢ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ︵ᠰᠤᠷᠪᠤᠯᠵᠢᠯᠠᠭᠴᠢ᠄ ᠵᠧᠦ ᠶᠠᠨ  ᠵᠧᠨ ᠶᠤᠸᠠᠨ ᠪᠦᠥᠸ᠋︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号