ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ 2 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠦᠬᠦ ᠰᠢᠶᠠᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠠᠵᠢᠯ ᠤᠨ ᠲᠣᠬᠢᠷᠠᠭᠤᠯᠤᠯᠲᠠ︾ ᠶᠢ ᠬᠢᠨᠠᠨ ᠶᠠᠷᠢᠯᠴᠠᠵᠤ᠂ ᠮᠠᠨ ᠤ ᠰᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠠᠬᠢᠯᠭ᠎ᠠ ᠪᠠᠲᠤ ᠶᠢ ᠰᠣᠷᠣᠯᠴᠠᠬᠤ ᠠᠴᠠ ᠭᠠᠷᠳᠠᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠢ ᠤᠶᠠᠯᠳᠤᠭᠤᠯᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠠᠬᠢᠭᠤᠯᠵᠤ᠂ ᠰᠠᠬᠢᠯᠭ᠎ᠠ ᠪᠠᠲᠤ ᠶᠢ ᠴᠢᠩᠳᠠᠯᠠᠬᠤ ᠪᠠᠷ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠳᠡᠭᠡᠳᠦ ᠱᠠᠲᠤᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠪᠣᠯᠭᠠᠵᠤ᠂ ᠲᠡᠷᠡ ᠬᠡᠪ ᠢᠶᠠᠷ ᠨᠢ ᠰᠤᠷᠤᠯᠴᠠᠬᠤ᠂ ᠪᠦᠯᠦᠭ ᠵᠤᠷᠪᠤᠰ ᠳᠠᠷᠠᠭᠠᠯᠠᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠪᠠ ᠠᠰᠠᠭᠤᠳᠠᠯ ᠲᠠᠢ ᠬᠠᠷᠢᠴᠠᠭᠤᠯᠤᠨ ᠰᠤᠷᠤᠯᠴᠠᠬᠤ ᠶᠢ ᠪᠠᠷᠢᠮᠲᠠᠯᠠᠵᠤ᠂ ︽ᠳᠦᠷᠢᠮ︾ ᠢ ᠲᠠᠷᠢᠬᠢ ᠲᠣᠯᠣᠭᠠᠢ ᠳᠤ ᠬᠠᠳᠠᠩᠰᠢᠭᠤᠯᠤᠨ ᠰᠡᠳᠬᠢᠯ ᠵᠢᠷᠦᠬᠡᠨ ᠳᠤ ᠬᠠᠳᠠᠩᠰᠢᠭᠤᠯᠬᠤ ᠶᠢ ᠲᠦᠯᠬᠢᠨ ᠠᠬᠢᠭᠤᠯᠵᠤ᠂ ᠰᠠᠬᠢᠯᠭ᠎ᠠ ᠪᠠᠲᠤ ᠶᠢ ᠰᠣᠷᠣᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠬᠦ ᠬᠡᠷᠡᠭᠲᠡᠢ᠃ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ ᠶᠢ ᠪᠠᠷᠢᠮᠲᠠᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠵᠤ᠂ ᠳᠡᠷᠭᠡᠳᠡᠬᠢ ᠬᠥᠮᠥᠨ ᠳᠡᠷᠭᠡᠳᠡᠬᠢ ᠶᠠᠪᠤᠳᠠᠯ ᠢᠶᠠᠨ ᠬᠡᠷᠡᠭᠯᠡᠬᠦ ᠶᠢ ᠴᠢᠬᠤᠯᠠᠴᠢᠯᠠᠵᠤ᠂ ᠱᠠᠲᠤ ᠬᠤᠪᠢᠶᠠᠨ ᠲᠦᠷᠦᠯ ᠬᠤᠪᠢᠶᠠᠵᠤ᠂ ᠰᠡᠷᠡᠮᠵᠢᠯᠡᠭᠦᠯᠬᠦ ᠬᠥᠮᠦᠵᠢᠯ ᠢ ᠤᠨᠢᠨ ᠳᠡᠭᠡᠷ᠎ᠡ ᠨᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ ᠪᠠᠶᠢᠭᠠᠳ ᠵᠢᠷᠦᠬᠡᠰᠢᠶᠡᠯ ᠲᠠᠢ᠂ ᠦᠭᠡ ᠶᠠᠷᠢᠶ᠎ᠠ ᠴᠡᠭᠡᠷ ᠲᠠᠢ᠂ ᠦᠢᠯᠡ ᠠᠵᠢᠯᠯᠠᠭ᠎ᠠ ᠬᠤᠷᠢᠭ᠎ᠠ ᠲᠠᠢ ᠪᠠᠶᠢᠯᠭᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠬᠢᠵᠦ᠂ ᠭᠤᠭᠴᠤᠭ᠎ᠠ ᠨᠢᠭᠡᠪᠦᠷᠢ ᠶᠢᠨ ᠠᠵᠢᠯ ᠢ ᠯᠠᠪᠳᠠᠭᠤᠨ ᠪᠠᠲᠤᠲᠠᠢ ᠬᠢᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠰᠠᠶᠢᠨ ᠰᠠᠶᠢᠬᠠᠨ ᠰᠤᠷᠲᠠᠯ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠬᠤ ᠬᠡᠷᠡᠭᠲᠡᠢ᠃ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠲᠤᠰ ᠰᠢᠶᠠᠩ ᠪᠠᠯᠭᠠᠰᠤ ᠲᠤᠰ ᠰᠠᠯᠠᠭ᠎ᠠ ᠮᠥᠴᠢᠷ ᠤᠨ ᠢᠶᠠᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ ᠨᠢᠭᠡᠪᠦᠷᠢ ᠶᠢ ᠴᠥᠮ ᠭᠤᠣᠯ ᠠᠵᠢᠯ ᠢ ᠠᠬᠢᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠭᠠᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ ᠬᠡᠷᠡᠭᠲᠡᠢ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号