2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ | ᠵᠢᠯ ᠪᠣᠯᠣᠨ᠎ᠠ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ | ᠰᠠᠶᠢᠲᠤᠷ ᠬᠢᠬᠦ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠃ ︽︿ᠮᠢᠩᠭᠠᠨ ᠲᠣᠰᠬᠤᠨ ᠢᠶᠠᠷ ᠵᠢᠱᠢᠶ᠎ᠡ | ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ | ᠬᠡᠷᠡᠭᠯᠡᠵᠦ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ | ᠪᠦᠲᠦᠮᠵᠢᠲᠡᠶ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ | ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠡᠳᠦᠭᠡ ᠳᠣᠣᠷᠠᠬᠢ ᠰᠠᠨᠠᠯ ᠢ ᠳᠤᠷᠠᠳᠤᠶ᠎ᠠ᠃ | ᠨᠢᠭᠡ᠂ ᠶᠡᠷᠦᠩᠬᠡᠢ ᠱᠠᠭᠠᠷᠳᠠᠯᠭ᠎ᠠ | 2024 ᠣᠨ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ | ᠥᠭᠦᠯᠡᠯᠲᠡ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠᠷ | ᠤᠳᠤᠷᠢᠳᠤᠮᠵᠢ ᠪᠤᠯᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠡᠪᠴᠢᠶᠡᠵᠢᠯ ᠤᠨ | ᠴᠢᠨᠠᠷᠲᠠᠢ ᠳᠠᠭᠢᠨ ᠶᠠᠳᠠᠭᠤᠷᠠᠯ ᠦᠯᠦ ᠡᠭᠦᠰᠬᠦ ᠶᠢ ᠪᠠᠲᠤᠯᠠᠬᠤ ᠪᠠᠷ ᠬᠤᠷᠢᠭ᠎ᠠ ᠱᠤᠭᠤᠮ ᠪᠤᠯᠭᠠᠵᠤ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠥᠭᠡᠷᠡᠴᠢᠯᠡᠯᠲᠡ ᠶᠢᠨ | ᠬᠤᠣᠰ ᠬᠥᠳᠡᠯᠭᠡᠭᠦᠷ ᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠥᠪᠥᠷ ᠮᠣᠩᠭᠤᠯ ᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ | ᠲᠣᠮᠣ ᠣᠷᠣᠨ ᠪᠠᠶᠢᠭᠰᠠᠨ ᠠᠴᠠ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ | ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ | ᠦᠷᠭᠦᠯᠵᠢᠯᠡᠨ ᠡᠯᠪᠡᠭ ᠬᠤᠷᠢᠶᠠᠯᠲᠠ ᠣᠯᠵᠤ ᠲᠣᠭᠲᠠᠭᠤᠨ ᠪᠠᠶᠢᠬᠤ᠂ ᠮᠠᠯᠵᠢᠬᠤ ᠲᠠᠷᠢᠶᠠᠯᠠᠬᠤ ᠣᠷᠣᠨ ᠤ ᠡᠶ᠎ᠡ | ᠵᠣᠬᠢᠴᠠᠩᠭᠤᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠮᠠᠯᠴᠢᠨ ᠲᠠᠷᠢᠶᠠᠴᠢᠨ ᠲᠦᠮᠡᠨ ᠤ ᠵᠢᠷᠭᠠᠯᠲᠤ | ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠵᠦ᠂ | ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ | ᠬᠤᠶᠠᠷ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠤᠰᠢᠭᠤᠴᠢ ᠴᠡᠷᠢᠭ ᠪᠣᠯᠣᠨ᠎ᠠ | ︵ᠨᠢᠭᠡ︶ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠲᠣᠭᠲᠠᠭᠤᠨ ᠪᠥᠭᠡᠳ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠨ᠎ᠠ᠃ ᠲᠠᠯᠠᠪᠠᠢ ᠶᠢ | ᠲᠣᠭᠲᠠᠪᠤᠷᠢᠵᠢᠭᠤᠯᠬᠤ᠂ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠶᠢ ᠪᠠᠷᠢᠮᠲᠠᠯᠠᠵᠤ᠂ ᠰᠢᠨ᠎ᠡ ᠨᠢᠭᠡ ᠡᠭᠡᠯᠵᠢ ᠶᠢᠨ | ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ | ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭ᠎ᠠ᠂ ᠰᠢᠷ᠎ᠠ ᠪᠤᠷᠴᠠᠭ ᠲᠠᠷᠢᠬᠤ ᠲᠠᠯᠠᠪᠠᠢ ᠶᠢ ᠲᠣᠰ | ᠲᠣᠰ 1 ᠳ᠋ᠦᠩᠰᠢᠭᠤᠷ ᠮᠦ᠂ 1800 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨ ᠬᠦ | ᠪᠠᠲᠤᠯᠠᠨ᠎ᠠ᠃ ᠠᠮᠤ ᠲᠣᠰᠣ ᠵᠡᠷᠭᠡ ᠭᠤᠣᠯ ᠪᠤᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ | ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠰᠠᠶᠢᠨ ᠲᠠᠷᠢᠶ᠎ᠠ ᠰᠠᠶᠢᠨ ᠦᠷ᠎ᠡ ᠰᠠᠶᠢᠨ ᠮᠠᠰᠢᠨ ᠰᠠᠶᠢᠨ ᠠᠷᠭ᠎ᠠ | ᠰᠠᠶᠢᠨ ᠳᠦᠷᠢᠮ ᠢ ᠲᠥᠪᠯᠡᠷᠡᠭᠦᠯᠦᠨ ᠳᠡᠯᠭᠡᠷᠡᠭᠦᠯᠵᠦ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠢᠱᠢᠶ᠎ᠡ | ᠦᠵᠡᠭᠦᠯᠭᠦ ᠬᠦᠷᠢᠶᠡᠯᠡᠩ ᠲᠣᠭᠤᠷᠢᠭ ᠢ 600 ᠲᠦᠮᠡᠨ ᠮᠦ ᠪᠦᠬᠦᠯᠢ ᠪᠠᠶᠢᠭᠤᠯᠤᠮᠵᠢ ᠪᠠᠷ ᠪᠦᠲᠦᠭᠡᠨ ᠪᠠᠶᠢᠭᠤᠯᠤᠨ᠎ᠠ᠃ | ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢ ᠳᠤ ᠨᠥᠬᠦᠪᠦᠷᠢ ᠥᠭᠬᠦ᠂ ᠲᠠᠷᠢᠶᠠᠨ ᠭᠠᠵᠠᠷ ᠤᠨ ᠬᠦᠴᠦ | ᠰᠢᠮ᠎ᠡ ᠶᠢ ᠬᠠᠮᠠᠭᠠᠯᠠᠬᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ | ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠷᠭᠠᠴᠠᠭᠠᠬᠤ ᠲᠣᠭᠲᠠᠴᠠ ᠶᠢ | ᠪᠠᠶᠢᠭᠤᠯᠵᠤ᠂ ᠬᠢᠮᠢ ᠶᠢᠨ ᠪᠣᠷᠳᠣᠭᠤᠷ᠂ ᠡᠪᠡᠰᠦ ᠪᠣᠷᠳᠤᠭ᠎ᠠ ᠵᠡᠷᠭᠡ ᠲᠠᠷᠢᠶᠠᠯᠠᠩ ᠤᠨ ᠬᠡᠷᠡᠭᠰᠡᠯ ᠢ ᠨᠥᠭᠡᠴᠡᠯᠡᠬᠦ | ᠳᠦᠷᠢᠮ ᠢ ᠲᠡᠭᠦᠯᠳᠡᠷᠵᠢᠭᠦᠯᠦᠨ᠎ᠡ᠃ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠤ ᠭᠤᠷᠪᠠᠨ ᠶᠡᠭᠡ ᠠᠮᠤ | ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠢ ᠪᠦᠭᠦᠨ ᠢ ᠪᠦᠷᠬᠦᠭᠦᠯᠬᠦ ᠶᠢ ᠠᠬᠢᠭᠤᠯᠵᠤ᠂ | ᠡᠷᠳᠡᠨᠢ ᠰᠢᠰᠢ ᠶᠢᠨ ᠲᠠᠷᠢᠮᠠᠯ ᠤᠨ ᠣᠷᠣᠯᠭ᠎ᠠ ᠶᠢᠨ ᠳᠠᠭᠠᠳᠬᠠᠯ᠂ ᠰᠢᠷ᠎ᠠ ᠪᠤᠷᠴᠠᠭ ᠤᠨ ᠪᠦᠷᠢᠨ ᠥᠪᠡᠷ ᠤᠨ | ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠬᠦᠷᠢᠶ᠎ᠡ | ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠂ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠨᠥᠬᠦᠪᠦᠷᠢ ᠥᠭᠬᠦ ᠬᠦᠷᠢᠶ᠎ᠡ ᠬᠡᠪᠴᠢᠶ᠎ᠡ ᠳᠤ ᠠᠯᠬᠤᠮ ᠠᠯᠬᠤᠮ ᠢᠶᠠᠷ ᠣᠷᠣᠭᠤᠯᠵᠤ᠂ ᠲᠠᠷᠢᠶᠠᠯᠠᠩ ᠤᠨ ᠳᠠᠭᠠᠳᠬᠠᠯ ᠤᠨ | ᠨᠠᠷᠢᠯᠢᠭ ᠣᠨᠣᠪᠴᠢᠲᠠᠶ ᠪᠠᠷ ᠳᠠᠭᠠᠳᠬᠠᠯ ᠳᠤ ᠣᠷᠣᠭᠤᠯᠵᠤ ᠲᠥᠯᠥᠬᠦ ᠦᠢᠯᠡᠴᠢᠯᠡᠭᠡᠨ ᠤ ᠲᠦᠪᠰᠢᠨ ᠢ ᠬᠦᠴᠦᠯᠡᠨ | ᠳᠡᠭᠡᠭᠰᠢᠯᠡᠭᠦᠯᠦᠨ᠎ᠡ᠃ ᠠᠮᠤ ᠪᠤᠳᠠᠭ᠎ᠠ ︵ᠲᠣᠰᠣ︶ ᠶᠢᠨ ᠭᠠᠷᠤᠯᠲᠠ ᠶᠢᠨ ᠲᠣᠮᠣ ᠰᠢᠶᠠᠨ ᠢ ᠱᠠᠩᠨᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠮᠤ ᠪᠤᠳᠠᠭ᠎ᠠ ᠦᠢᠯᠡᠳᠪᠦᠷᠢᠯᠡᠵᠦ ᠪᠣᠷᠣᠯᠠᠭᠤᠯᠬᠤ ᠣᠷᠣᠨ ᠤ | ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠮᠠᠯ ᠵᠢᠭᠦᠷᠲᠡᠨ ᠤ ᠦᠢᠯᠡᠳᠪᠦᠷᠢᠯᠡᠯ ᠤᠨ ᠴᠢᠳᠠᠪᠤᠷᠢ ᠶᠢ | ᠲᠣᠭᠲᠠᠪᠤᠷᠢᠵᠢᠭᠤᠯᠵᠤ᠂ ᠮᠢᠬᠠᠨ ᠤ ᠵᠦᠢᠯ ᠤᠨ ᠶᠡᠷᠦᠩᠬᠡᠢ ᠭᠠᠷᠤᠯᠲᠠ ᠶᠢ 300 ᠲᠦᠮᠡᠨ ᠲᠣᠨ ᠠᠴᠠ | ᠳᠠᠪᠠᠭᠤᠯᠬᠤ ᠪᠠᠷ ᠴᠢᠷᠮᠠᠶᠢᠨ᠎ᠠ᠃ ᠣᠨᠴᠠᠯᠢᠭᠲᠤ ᠤᠢ ᠶᠢᠨ ᠵᠢᠮᠢᠰ᠂ ᠣᠶ ᠰᠢᠭᠤᠢ ᠶᠢᠨ ᠢᠳᠡᠭᠡᠨ ᠵᠡᠷᠭᠡ ᠠᠵᠤ | ᠦᠢᠯᠡᠰ ᠢ ᠶᠡᠭᠡ ᠪᠠᠷ ᠬᠥᠭᠵᠢᠭᠦᠯᠵᠦ᠂ ᠦᠢᠯᠡᠳᠬᠦᠨ ᠤ ᠭᠠᠷᠤᠯᠲᠠ ᠶᠢ 120 ᠲᠦᠮᠡᠨ ᠲᠣᠨ ᠳᠤ ᠬᠦᠷᠭᠡᠨ᠎ᠡ᠃ | ᠤᠯᠤᠰ ᠢ ᠬᠠᠮᠵᠢᠨ ᠬᠠᠮ ᠢᠳᠡᠭᠡᠨ ᠢ ᠬᠢᠨᠠᠨ ᠬᠡᠮᠵᠢᠵᠦ ᠪᠦᠷᠢᠳᠬᠡᠬᠦ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ | ︵ᠬᠤᠶᠠᠷ︶ ᠰᠦ ᠶᠢᠨ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠦᠷ᠎ᠡ ᠡᠭᠦᠯᠳᠡᠷ ᠤᠨ ᠢᠷᠡᠯᠲᠡ ᠶᠢ ᠥᠪᠡᠰᠦᠪᠡᠨ ᠬᠠᠩᠭᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠠᠭᠠᠯᠢ ᠶᠢᠨ ᠦᠨᠢᠶ᠎ᠡ᠂ | ᠰᠠᠭᠠᠯᠢ ᠶᠢᠨ ᠢᠮᠠᠭᠠᠨ ᠤ ᠡᠭᠦᠯᠳᠡᠷ ᠪᠣᠶᠢᠵᠢᠭᠤᠯᠬᠤ 3 ᠭᠤᠣᠯ ᠲᠠᠯᠠᠪᠠᠶ ᠶᠢ ᠡᠭᠦᠳᠦᠨ ᠪᠠᠶᠢᠭᠤᠯᠤᠨ᠎ᠠ᠃ ᠰᠦ ᠶᠢᠨ | ᠢᠷᠡᠯᠲᠡ ᠶᠢᠨ ᠬᠠᠩᠭᠠᠯᠭ᠎ᠠ ᠶᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠶᠢ | ᠦᠨᠳᠦᠰᠦᠯᠡᠨ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠰᠢᠯᠢᠳᠡᠭᠵᠢᠭᠦᠯᠵᠦ᠂ ᠦᠢᠯᠡᠳᠪᠦᠷᠢᠯᠡᠯ | ᠬᠡᠷᠡᠭᠴᠡᠭᠡ ᠶᠢᠨ ᠲᠡᠩᠴᠡᠭᠦᠷᠢᠰᠢᠬᠦ ᠶᠢ ᠠᠬᠢᠭᠤᠯᠤᠨ᠂ ᠴᠠᠭᠠᠨ ᠢᠳᠡᠭᠡᠨ ᠨᠥᠭᠡᠴᠡᠯᠡᠬᠦ ᠳᠦᠷᠢᠮ ᠢ ᠪᠠᠶᠢᠭᠤᠯᠬᠤ ᠶᠢ | ᠠᠬᠢᠭᠤᠯᠤᠨ᠎ᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ | ᠲᠦᠪᠰᠢᠨ ᠢ ᠳᠡᠭᠡᠭᠰᠢᠯᠡᠭᠦᠯᠵᠦ᠂ ᠪᠢᠰᠢᠯᠠᠭ ᠵᠡᠷᠭᠡ ᠬᠠᠲᠠᠭᠤ ᠲᠥᠯᠥᠪᠲᠦ ᠴᠠᠭᠠᠨ ᠢᠳᠡᠭᠡᠨ ᠢ ᠨᠠᠷᠢᠯᠢᠭ ᠡᠳ᠋ᠰᠢᠭᠦᠯᠬᠦ | ᠦᠢᠯᠡᠰ ᠪᠠ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠦᠢᠯᠡᠰ ᠤᠨ | ᠳᠡᠰ ᠳᠡᠪᠰᠢᠬᠦ ᠶᠢ ᠠᠬᠢᠭᠤᠯᠤᠨ᠎ᠠ᠃ ᠲᠦᠭᠦᠬᠡᠢ ᠰᠦ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠭᠤᠰᠬᠠᠮᠠᠯ ᠰᠦ ᠶᠢᠨ | ᠲᠡᠮᠳᠡᠭ ᠢᠯᠡᠷᠬᠡᠶᠢᠯᠡᠯ ᠤᠨ ᠲᠤᠬᠠᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠴᠠᠭᠠᠨ ᠢᠳᠡᠭᠡᠨ ᠤ ᠶᠠᠰᠤ | ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠃ ᠭᠦᠭᠡᠬᠤᠲᠠ ᠶᠢᠨ ᠢᠯᠢ ᠣᠲᠣ ᠦᠶ᠎ᠡ ᠶᠢᠨ ᠡᠷᠡᠭᠦᠯ ᠮᠡᠨᠳᠦ ᠶᠢᠨ | ᠬᠥᠨᠳᠡᠢ ᠶᠢᠨ ᠲᠥᠷᠥᠯ ᠵᠦᠢᠯ᠂ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ | ᠬᠦᠷᠢᠶᠡᠯᠡᠩ ᠤᠨ ︽ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ︾ ᠲᠥᠷᠥᠯ ᠵᠦᠢᠯ ᠢ ᠲᠦᠷᠭᠡᠳᠬᠡᠨ | ᠪᠦᠲᠦᠭᠡᠨ ᠪᠠᠶᠢᠭᠤᠯᠬᠤ ᠶᠢ ᠳᠡᠮᠵᠢᠨ᠎ᠡ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠰᠦ ᠶᠢᠨ ᠦᠢᠯᠡᠰ ᠤᠨ | ᠠᠵᠤ ᠠᠬᠤᠶᠢᠯᠠᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠶᠢ ᠳᠡᠮᠵᠢᠨ᠎ᠡ᠃ ᠪᠦᠭᠦ ᠵᠢᠯ ᠤᠨ ᠰᠦ ᠶᠢᠨ | ᠭᠠᠷᠤᠯᠲᠠ ᠶᠢ 800 ᠲᠦᠮᠡᠨ ᠲᠣᠨ ᠢ ᠳᠠᠪᠠᠭᠤᠯᠬᠤ ᠪᠠᠷ ᠴᠢᠷᠮᠠᠶᠢᠵᠤ᠂ ᠰᠦ ᠶᠢᠨ ᠦᠢᠯᠡᠰ ᠤᠨ ᠪᠦᠭᠦ ᠠᠵᠤ | ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 2500 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ | ︵ᠭᠤᠷᠪᠠ︶ ᠲᠡᠵᠢᠭᠡᠯ ᠡᠪᠡᠰᠦ ᠪᠣᠷᠳᠤᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠲᠠᠷᠢᠮᠠᠯ ᠡᠪᠡᠰᠦ ᠶᠢ | ᠲᠦᠷᠭᠡᠳᠬᠡᠨ ᠬᠥᠭᠵᠢᠭᠦᠯᠵᠦ᠂ ᠬᠥᠬᠡ ᠳᠠᠷᠤᠰᠢ ᠶᠢᠨ ᠡᠷᠳᠡᠨᠢ ᠰᠢᠰᠢ᠂ ᠲᠡᠵᠢᠭᠡᠯ ᠪᠣᠷᠳᠤᠭ᠎ᠠ ᠳᠤ ᠬᠡᠷᠡᠭᠯᠡᠬᠦ ᠨᠣᠬᠠᠢ ᠶᠢᠨ | ᠬᠤᠰᠢᠭᠤ᠂ ᠴᠠᠷᠭᠠᠰᠤ ᠵᠡᠷᠭᠡ ᠲᠡᠵᠢᠭᠡᠯ ᠡᠪᠡᠰᠦ ᠲᠠᠷᠢᠬᠤ ᠲᠠᠯᠠᠪᠠᠢ 2000 ᠲᠦᠮᠡᠨ ᠮᠦ ᠪᠠᠶᠢᠬᠤ ᠶᠢ ᠪᠠᠲᠤᠯᠠᠵᠤ᠂ | ᠡᠪᠡᠰᠦᠨ ᠦᠷ᠎ᠡ ᠶᠢ 40 ᠲᠦᠮᠡᠨ ᠮᠦ ᠪᠣᠶᠢᠵᠢᠭᠤᠯᠵᠤ᠂ ᠲᠡᠵᠢᠭᠡᠯ ᠡᠪᠡᠰᠦᠨ ᠤ ᠦᠢᠯᠡᠳᠬᠦᠨ ᠤ ᠥᠷᠲᠡᠭ ᠢ 900 | ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠠᠮᠢ ᠠᠬᠤᠢ ᠶᠢᠨ ᠡᠪᠡᠰᠦᠨ ᠤ ᠠᠵᠤ ᠦᠢᠯᠡᠰ ᠢ ᠶᠡᠭᠡ | ᠪᠠᠷ ᠬᠥᠭᠵᠢᠭᠦᠯᠵᠦ᠂ ᠬᠢᠶᠠᠭ ᠡᠪᠡᠰᠦᠨ ᠤ ᠦᠢᠯᠡᠳᠪᠦᠷᠢᠯᠡᠯ ᠤᠨ ᠰᠠᠭᠤᠷᠢᠨ ᠢ 100 ᠲᠦᠮᠡᠨ ᠮᠦ ᠪᠠᠶᠢᠭᠤᠯᠤᠨ᠎ᠠ᠃ | ᠪᠠᠶᠢᠭᠠᠯᠢᠯᠢᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠶᠢ ᠴᠢᠩᠭᠠᠳᠬᠠᠵᠤ᠂ ᠣᠷᠳᠣᠰ᠂ ᠤᠯᠠᠭᠠᠨᠴᠠᠪ ᠢᠶᠠᠷ | ᠭᠤᠣᠯᠳᠠᠯᠭ᠎ᠠ ᠪᠣᠯᠭᠠᠨ 100 ᠲᠦᠮᠡᠨ ᠮᠦ ᠨᠠᠶᠢᠯᠵᠠᠭᠤᠷ ᠬᠠᠷᠭᠠᠨ᠎ᠠ ᠳᠠᠷᠢᠨ᠎ᠠ᠃ ᠨᠠᠶᠢᠯᠵᠠᠭᠤᠷ ᠬᠠᠷᠭᠠᠨ᠎ᠠ ᠶᠢ | ᠪᠣᠷᠳᠤᠭ᠎ᠠ ᠪᠣᠯᠭᠠᠨ ᠠᠰᠢᠭᠯᠠᠬᠤ ᠬᠡᠮᠵᠢᠶ᠎ᠡ ᠶᠢ 7 ᠲᠦᠮᠡᠨ ᠲᠣᠨ ᠠᠴᠠ ᠳᠡᠭᠡᠭᠰᠢ ᠳᠤ ᠬᠦᠷᠭᠡᠵᠦ᠂ ᠡᠰᠢ ᠰᠦᠷᠡᠯ ᠢ | ᠪᠣᠷᠳᠤᠭ᠎ᠠ ᠪᠣᠯᠭᠠᠨ ᠠᠰᠢᠭᠯᠠᠬᠤ ᠬᠡᠮᠵᠢᠶ᠎ᠡ ᠶᠢ 2800 ᠲᠦᠮᠡᠨ ᠲᠣᠨ ᠣᠷᠴᠢᠮ ᠳᠤ ᠪᠠᠶᠢᠯᠭᠠᠨ᠎ᠠ᠃ 5 ᠲᠦᠮᠡᠨ | ᠮᠦ ᠠᠴᠠ ᠳᠡᠭᠡᠭᠰᠢᠬᠢ ᠡᠪᠡᠰᠦᠨ ᠤ ᠠᠵᠤ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠵᠢᠱᠢᠶ᠎ᠡ | ᠦᠵᠡᠭᠦᠯᠭᠦ ᠬᠦᠷᠢᠶᠡᠯᠡᠩ ᠲᠣᠭᠤᠷᠢᠭ ᠢ 5 ᠪᠠᠶᠢᠭᠤᠯᠤᠨ᠎ᠠ᠃ ᠤᠯᠤᠰ ᠤᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ | ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠰᠠᠶᠢᠲᠤᠷ ᠠᠳᠬᠤᠵᠤ᠂ ᠪᠦᠲᠦᠴᠡ ᠳᠤ | ᠲᠣᠬᠢᠷᠠᠭᠤᠯᠤᠯᠲᠠ ᠬᠢᠬᠦ ᠲᠠᠯᠠᠪᠠᠶ ᠶᠢ 200 ᠲᠦᠮᠡᠨ ᠮᠦ ᠠᠴᠠ ᠳᠡᠭᠡᠭᠰᠢ ᠪᠠᠶᠢᠯᠭᠠᠵᠤ᠂ ᠬᠤᠳᠠᠯᠳᠤᠨ ᠠᠪᠴᠤ | ᠨᠥᠭᠡᠴᠡᠯᠡᠬᠦ ᠬᠡᠮᠵᠢᠶ᠎ᠡ ᠶᠢ 600 ᠲᠦᠮᠡᠨ ᠳᠤᠨ ᠠᠴᠠ ᠳᠡᠭᠡᠭᠰᠢ ᠪᠠᠶᠢᠯᠭᠠᠬᠤ ᠶᠢ ᠪᠡᠶᠡᠯᠡᠭᠦᠯᠦᠨ᠎ᠡ᠃ | ︵ᠳᠥᠷᠪᠡ︶ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠦᠨ᠎ᠡ᠃ | ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ︽ᠢᠳᠡᠰᠢᠨ ᠨᠣᠭᠤᠭ᠎ᠠ ᠶᠢᠨ ᠰᠠᠭᠰᠤ︾᠂ ︽ᠵᠢᠮᠢᠰ ᠤᠨ ᠰᠠᠭᠰᠤ︾᠂ ︽ᠮᠦᠭᠦ ᠶᠢᠨ ᠰᠠᠭᠰᠤ︾᠂ | ︽ᠴᠡᠴᠡᠭ ᠤᠨ ᠰᠠᠭᠰᠤ︾᠂ ︽ᠡᠮ ᠤᠨ ᠰᠠᠭᠰᠤ︾ ᠶᠢᠨ ᠦᠢᠯᠡᠳᠪᠦᠷᠢᠯᠡᠯ ᠤᠨ ᠰᠠᠭᠤᠷᠢᠨ ᠢ ᠰᠢᠨᠵᠢᠯᠡᠬᠦ ᠤᠬᠠᠭᠠᠨᠴᠢ ᠪᠠᠷ | ᠪᠠᠶᠢᠷᠢᠯᠠᠭᠤᠯᠵᠤ᠂ ᠲᠥᠬᠦᠭᠡᠷᠦᠮᠵᠢᠲᠦ ᠲᠠᠷᠢᠮᠠᠯ ᠤᠨ ᠦᠢᠯᠡᠰ ᠤᠨ ᠲᠠᠯᠠᠪᠠᠢ ᠶᠢ 24 ᠲᠦᠮᠡᠨ ᠮᠦ ᠰᠢᠨ᠎ᠡ ᠪᠠᠷ | ᠨᠡᠮᠡᠭᠳᠡᠭᠦᠯᠦᠨ᠎ᠡ᠃ ᠦᠢᠯᠡᠳᠪᠦᠷᠢᠯᠡᠯ ᠤᠨ ᠴᠢᠳᠠᠪᠤᠷᠢ ᠨᠢ 5000 ᠲᠦᠮᠡᠨ ᠰᠠᠭᠤᠷᠢ ᠠᠴᠠ ᠳᠡᠭᠡᠭᠰᠢᠬᠢ ᠢᠳᠡᠰᠢᠨ | ᠨᠣᠭᠤᠭ᠎ᠠ ᠶᠢᠨ ᠡᠷᠴᠢᠮᠵᠢᠭᠦᠯᠦᠨ ᠴᠢᠬᠢ ᠪᠣᠶᠢᠵᠢᠭᠤᠯᠬᠤ ᠲᠥᠪ ᠢ 6 ᠪᠠᠶᠢᠭᠤᠯᠤᠨ᠎ᠠ᠃ ᠤᠯᠠᠭᠠᠨᠬᠠᠳᠠ᠂ ᠭᠦᠭᠡᠬᠤᠲᠠ᠂ | ᠪᠤᠭᠤᠲᠤ᠂ ᠪᠠᠶᠠᠨᠨᠠᠭᠤᠷ᠂ ᠦᠬᠠᠢ᠂ ᠲᠦᠩᠯᠢᠶᠣᠣ ᠵᠡᠷᠭᠡ ᠭᠠᠵᠠᠷ ᠲᠤ 100 ᠮᠦ ᠠᠴᠠ ᠳᠡᠭᠡᠭᠰᠢᠬᠢ ᠲᠥᠬᠦᠭᠡᠷᠦᠮᠵᠢᠲᠦ | ᠲᠠᠷᠢᠮᠠᠯ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠢ 15 ᠪᠠᠶᠢᠭᠤᠯᠵᠤ᠂ ᠭᠤᠣᠯ | ᠪᠤᠯᠬᠤ ᠬᠤᠲᠠ ᠪᠠᠯᠭᠠᠰᠤ ᠶᠢᠨ ᠡᠷᠭᠢᠨ ᠲᠣᠭᠤᠷᠢᠨ ᠳᠤ 500 ᠮᠦ ᠠᠴᠠ ᠳᠡᠭᠡᠭᠰᠢᠬᠢ ᠲᠥᠬᠦᠭᠡᠷᠦᠮᠵᠢᠲᠦ | ᠲᠠᠷᠢᠮᠠᠯ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠢ ᠨᠡᠶᠢᠲᠡ 11 ᠪᠠᠶᠢᠭᠤᠯᠤᠨ᠎ᠠ᠃ | ᠲᠥᠬᠦᠭᠡᠷᠦᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠬᠠᠰᠢᠶᠠᠯᠠᠨ ᠲᠡᠵᠢᠭᠡᠬᠦ ᠶᠢ ᠶᠡᠭᠡ ᠪᠠᠷ ᠬᠥᠭᠵᠢᠭᠦᠯᠵᠦ᠂ ᠪᠠᠷᠢᠮᠵᠢᠶᠠᠵᠢᠭᠰᠠᠨ ᠬᠦᠯᠡᠮᠵᠢ ᠶᠢ 500 | ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ | 200 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃ ᠠᠮᠢ | ᠠᠬᠤᠢ ᠶᠢᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠᠷ ᠭᠤᠣᠯ ᠪᠤᠯᠭᠠᠬᠰᠠᠨ ᠣᠳᠣ ᠦᠶ᠎ᠡ ᠶᠢᠨ ᠲᠥᠬᠦᠭᠡᠷᠦᠮᠵᠢᠲᠦ | ᠵᠢᠭᠠᠰᠤᠨ ᠤ ᠦᠢᠯᠡᠰ ᠢ ᠬᠥᠭᠵᠢᠭᠦᠯᠵᠦ᠂ 2000 ᠮᠦ ᠨᠠᠭᠤᠷ ᠴᠥᠭᠦᠷᠥᠮ ᠢ ᠪᠠᠷᠢᠮᠵᠢᠶᠠᠵᠢᠭᠤᠯᠤᠨ ᠥᠭᠡᠷᠡᠴᠢᠯᠡᠵᠦ᠂ | 2000 ᠮᠦ ᠬᠤᠵᠢᠷᠯᠢᠭ ᠭᠠᠵᠠᠷ ᠤᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠠᠯᠠᠪᠠᠶ ᠶᠢ ᠪᠦᠲᠦᠭᠡᠨ | ᠪᠠᠶᠢᠭᠤᠯᠵᠤ᠂ ᠦᠢᠯᠡᠳᠪᠦᠷᠢᠵᠢᠭᠦᠯᠦᠭᠰᠡᠨ ᠡᠷᠭᠢᠯᠲᠡᠲᠦ ᠤᠰᠤ ᠪᠠᠷ ᠲᠡᠵᠢᠭᠡᠨ ᠦᠷᠡᠵᠢᠭᠦᠯᠬᠦ ᠲᠠᠯᠠᠪᠠᠢ ᠶᠢ 10 ᠲᠦᠮᠡᠨ | ᠪᠣᠰᠤᠭ᠎ᠠ ᠳᠥᠷᠪᠡᠯᠵᠢᠨ ᠮᠧᠲᠷ ᠬᠥᠭᠵᠢᠭᠦᠯᠦᠨ᠎ᠡ᠃ | ︵ᠲᠠᠪᠤ︶ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠷᠢᠶᠠᠨ ᠭᠠᠵᠠᠷ ᠢ | ᠬᠠᠮᠠᠭᠠᠯᠠᠬᠤ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ | ᠤᠯᠠᠭᠠᠨ ᠱᠤᠭᠤᠮ ᠢ ᠴᠢᠩᠭ᠎ᠠ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ | ᠨᠠᠶᠢᠳᠠᠪᠤᠷᠢᠵᠢᠭᠤᠯᠤᠨ᠎ᠠ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ | ᠪᠣᠳᠠᠲᠠᠢ ᠠᠳᠬᠤᠵᠤ᠂ ︽ᠨᠥᠬᠦᠪᠦᠷᠢᠯᠡᠬᠦ ᠪᠠᠷ ᠡᠵᠡᠯᠡᠬᠦ ᠶᠢ ᠲᠣᠭᠲᠠᠭᠠᠬᠤ︾ ᠶᠢ ᠪᠠᠷᠢᠮᠲᠠᠯᠠᠨ᠂ ᠪᠦᠭᠦ ᠣᠷᠣᠨ ᠤ | ᠲᠠᠷᠢᠶᠠᠨ ᠭᠠᠵᠠᠷ ᠢ ᠲᠣᠭᠲᠠᠭᠤᠨ ᠢᠶᠠᠷ ᠠᠰᠢᠭᠯᠠᠬᠤ ᠴᠡᠪᠡᠷ ᠨᠡᠮᠡᠭᠳᠡᠯ ᠤᠨ ᠬᠡᠮᠵᠢᠶ᠎ᠡ ᠶᠢ ᠳᠠᠷᠠᠭ᠎ᠠ ᠵᠢᠯ ᠤᠨ | ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠶᠢᠨ ᠨᠥᠬᠦᠪᠦᠷᠢᠯᠡᠬᠦ ᠲᠠᠷᠢᠶᠠᠨ ᠭᠠᠵᠠᠷ ᠤᠨ ᠭᠦᠢᠴᠡᠳᠬᠡᠬᠦ ᠲᠤᠭ᠎ᠠ | ᠪᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠵᠥᠪᠰᠢᠶᠡᠷᠡᠬᠦ ᠬᠡᠪᠴᠢᠶᠡᠨ ᠤ ᠬᠠᠮᠤᠭ ᠤᠨ ᠳᠡᠭᠡᠳᠦ ᠬᠢᠵᠠᠭᠠᠷ | ᠪᠤᠯᠭᠠᠨ᠎ᠠ᠃ ᠨᠥᠬᠦᠪᠦᠷᠢᠯᠡᠭᠰᠡᠨ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠳ᠋ᠦᠩᠨᠡᠬᠦ ᠶᠢ ᠴᠢᠩᠭᠠᠳᠬᠠᠵᠤ᠂ | ᠨᠥᠬᠦᠪᠦᠷᠢᠯᠡᠭᠰᠡᠨ ᠲᠠᠷᠢᠶᠠᠨ ᠭᠠᠵᠠᠷ ᠤᠨ ᠬᠤᠶᠢᠰᠢᠳᠠ ᠶᠢᠨ ᠬᠠᠮᠢᠶᠠᠷᠤᠯᠲᠠ ᠬᠠᠮᠠᠭᠠᠯᠠᠯᠲᠠ ᠪᠠ ᠳᠠᠭᠢᠨ ᠦᠨᠡᠯᠡᠯᠲᠡ | ᠬᠢᠬᠦ ᠵᠡᠷᠭᠡ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠷᠢᠶᠠᠯᠠᠩ ᠳᠤ ᠬᠡᠷᠡᠭᠯᠡᠬᠦ ᠭᠠᠵᠠᠷ ᠢᠯᠠᠩᠭᠤᠶ᠎ᠠ ᠲᠠᠷᠢᠶᠠᠨ | ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠡᠪᠳᠡᠬᠦ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠭᠦᠨ᠎ᠡ᠃ ︽ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ | ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ︽ᠡᠷᠭᠢᠨ ᠬᠠᠷᠠᠬᠤ︾ ᠠᠵᠢᠯ ᠢ ᠥᠷᠨᠢᠭᠦᠯᠵᠦ᠂ ᠡᠯ᠎ᠡ | ᠲᠥᠷᠥᠯ ᠤᠨ ᠲᠠᠷᠢᠶᠠᠨ ᠭᠠᠵᠠᠷ ᠤᠨ ︽ᠠᠮᠤ ᠪᠤᠳᠠᠭᠠᠨ ᠤ ᠪᠤᠰᠤ ᠲᠠᠷᠢᠮᠠᠯ ᠳᠠᠷᠢᠬᠤ︾ ᠠᠰᠠᠭᠤᠳᠠᠯ ᠢ ᠲᠥᠷᠥᠯ | ᠬᠤᠪᠢᠶᠠᠨ ᠲᠣᠬᠢᠲᠠᠢ ᠰᠢᠢᠳᠪᠦᠷᠢᠯᠡᠨ᠎ᠡ᠃ ᠠᠲᠠᠷᠰᠢᠭᠤᠯᠤᠭᠰᠠᠨ ᠲᠠᠷᠢᠶ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠥᠷᠨᠢᠭᠦᠯᠦᠨ᠎ᠡ᠃ ᠣᠶᠢᠲᠤ ᠭᠠᠵᠠᠷ᠂ ᠨᠤᠲᠤᠭ ᠪᠡᠯᠴᠢᠭᠡᠷ᠂ ᠲᠠᠷᠢᠶᠠᠨ ᠭᠠᠵᠠᠷ ᠵᠡᠷᠭᠡ ᠭᠠᠵᠠᠷ ᠰᠢᠷᠣᠢ ᠶᠢᠨ | ᠠᠰᠢᠭᠯᠠᠯᠲᠠ ᠶᠢᠨ ᠰᠢᠨᠵᠢ ᠴᠢᠨᠠᠷ ᠵᠢᠴᠢ ᠡᠷᠬᠡ ᠶᠢᠨ ᠬᠠᠷᠢᠶ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ | ᠥᠷᠨᠢᠭᠦᠯᠵᠦ᠂ ᠭᠠᠵᠠᠷ ᠰᠢᠷᠣᠢ ᠶᠢᠨ ᠡᠷᠬᠡ ᠶᠢᠨ ᠬᠠᠷᠢᠶ᠎ᠠ ᠳᠠᠪᠬᠤᠴᠠᠵᠤ ᠪᠠᠶᠢᠭ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠨ᠎ᠡ᠃ | ︵ᠵᠢᠷᠭᠤᠭ᠎ᠠ︶ ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠭᠦ ᠠᠵᠢᠯᠯᠠᠭ᠎ᠠ ᠶᠢ | ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠣᠷᠴᠢᠮ ᠪᠠᠶᠢᠭᠤᠯᠬᠤ ᠪᠠᠷ | ᠴᠢᠷᠮᠠᠶᠢᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠦᠬᠦᠯᠢ ᠣᠷᠣᠨ ᠪᠦᠰᠡ ᠪᠠᠷ ᠨᠢ ᠲᠤᠷᠰᠢᠯᠲᠠ ᠶᠢᠨ ᠴᠡᠭ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠨ | ᠠᠬᠢᠭᠤᠯᠤᠨ᠎ᠠ᠃ 900 ᠲᠦᠮᠡᠨ ᠮᠦ ᠶᠢᠨ ᠬᠠᠷ᠎ᠠ ᠬᠥᠷᠥᠰᠥ ᠶᠢ ᠬᠠᠮᠠᠭᠠᠯᠠᠬᠤ ᠢᠨᠵᠧᠨᠧᠷᠢᠩ ᠢ ᠪᠡᠶᠡᠯᠡᠭᠦᠯᠵᠦ᠂ | 2130 ᠲᠦᠮᠡᠨ ᠮᠦ ᠬᠠᠷ᠎ᠠ ᠬᠥᠷᠥᠰᠥ ᠳᠤ ᠬᠠᠮᠠᠭᠠᠯᠠᠯᠲᠠ ᠶᠢᠨ ᠴᠢᠨᠠᠷᠲᠠᠢ ᠪᠠᠷ ᠲᠠᠷᠢᠨ᠎ᠠ᠃ ᠪᠠᠶᠠᠨᠨᠠᠭᠤᠷ ᠬᠤᠲᠠ ᠳᠤ | ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠪᠦᠭᠦ | ᠣᠷᠣᠨ ᠳᠤ ᠬᠤᠵᠢᠷᠯᠢᠭ ᠭᠠᠵᠠᠷ ᠢ 50 ᠲᠦᠮᠡᠨ ᠮᠦ ᠣᠷᠴᠢᠮ ᠥᠭᠡᠷᠡᠴᠢᠯᠡᠨ ᠠᠰᠢᠭᠯᠠᠨ᠎ᠠ᠃ ᠴᠤᠤᠯ ᠭᠤᠣᠯ ᠤᠨ | ᠤᠰᠤ ᠶᠢ ᠲᠠᠲᠠᠵᠤ ᠯᠢᠶᠣᠤᠾᠧ ᠭᠤᠣᠯ ᠳᠤ ᠤᠷᠤᠭᠤᠯᠬᠤ ᠵᠡᠷᠭᠡ ᠤᠰᠤᠨ ᠲᠣᠣᠷ ᠤᠨ ᠢᠨᠵᠧᠨᠧᠷᠢᠩ ᠤᠨ ᠣᠨ ᠤ | ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠ ᠪᠣᠷᠣᠳᠣᠬᠤᠢ᠂ ᠳ᠋ᠧᠩᠺᠧᠤ ᠶᠢᠨ 2 ᠲᠣᠮᠣ ᠭᠡᠯᠪᠡᠷᠢ ᠶᠢᠨ | ᠤᠰᠤᠯᠠᠯᠲᠠ ᠶᠢᠨ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠠᠶᠤᠯ ᠲᠦᠭᠰᠢᠭᠦᠷᠢ ᠲᠠᠢ ᠤᠰᠤᠨ ᠴᠥᠭᠦᠷᠥᠮ ᠤᠨ ᠠᠶᠤᠯ | ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠪᠠᠷᠢᠯᠭ᠎ᠠ ᠶᠢ ᠠᠬᠢᠭᠤᠯᠵᠤ᠂ ᠬᠥᠨᠳᠡᠯᠡᠨ ᠤᠰᠤᠨ ᠴᠥᠭᠦᠷᠥᠮ ᠵᠡᠷᠭᠡ 3 | ᠰᠠᠭᠤᠷᠢ ᠳᠤᠮᠳᠠ ᠭᠡᠯᠪᠡᠷᠢ ᠶᠢᠨ ᠠᠶᠤᠯ ᠲᠦᠭᠰᠢᠭᠦᠷᠢ ᠲᠠᠢ ᠤᠰᠤᠨ ᠴᠥᠭᠦᠷᠥᠮ ᠤᠨ ᠠᠶᠤᠯ ᠲᠦᠭᠰᠢᠭᠦᠷᠢ ᠶᠢ | ᠠᠷᠢᠯᠭᠠᠨ ᠪᠠᠬᠢᠵᠢᠭᠦᠯᠬᠦ ᠪᠠᠷᠢᠯᠭ᠎ᠠ ᠵᠢᠴᠢ 10 ᠰᠠᠭᠤᠷᠢ ᠵᠢᠵᠢᠭ ᠭᠡᠯᠪᠡᠷᠢ ᠶᠢᠨ ᠤᠰᠤᠨ ᠴᠥᠭᠦᠷᠥᠮ ᠤᠨ ᠠᠶᠤᠯ | ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠭᠤᠣᠯ ᠴᠣᠭᠴᠠ ᠶᠢᠨ ᠪᠠᠷᠢᠯᠭ᠎ᠠ ᠶᠢ ᠬᠤᠭᠤᠴᠠᠭ᠎ᠠ ᠶᠣᠰᠣᠭᠠᠷ | ᠳᠠᠭᠤᠰᠬᠠᠬᠤ ᠶᠢ ᠦᠨᠡᠨ ᠬᠦ ᠪᠠᠲᠤᠯᠠᠵᠤ᠂ ᠭᠦᠭᠡᠬᠤᠲᠠ ᠶᠢᠨ ᠤᠰᠤᠲᠤ ᠤᠰᠤᠨ ᠴᠥᠭᠦᠷᠥᠮ᠂ ᠬᠢᠩᠭᠠᠨ ᠠᠶᠢᠮᠠᠭ ᠤᠨ | ᠬᠢᠩᠭᠠᠨ ᠤᠰᠤᠨ ᠴᠥᠭᠦᠷᠥᠮ᠂ ᠲᠦᠩᠯᠢᠶᠣᠣ ᠶᠢᠨ ᠰᠢᠶᠣᠣ ᠾᠧ ᠰᠢ ᠤᠰᠤᠨ ᠴᠥᠭᠦᠷᠥᠮ᠂ ᠰᠢᠯᠢ ᠶᠢᠨ ᠭᠤᠣᠯ ᠤᠨ | ᠴᠠᠭᠠᠨ ᠤᠰᠤᠨ ᠴᠥᠭᠦᠷᠥᠮ ᠤᠨ ᠰᠢᠪᠠᠷ ᠰᠢᠷᠣᠢ ᠶᠢ ᠠᠷᠢᠯᠭᠠᠬᠤ ᠠᠵᠢᠯ ᠢ ᠥᠷᠨᠢᠭᠦᠯᠦᠨ᠎ᠡ᠃ ᠵᠢᠵᠢᠭ ᠭᠡᠯᠪᠡᠷᠢ ᠶᠢᠨ | ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ ᠤᠰᠤᠨ ᠳᠤ ᠡᠪᠳᠡᠭᠳᠡᠭᠰᠡᠨ ᠬᠡᠰᠡᠭ ᠢ ᠵᠠᠰᠠᠵᠤ ᠰᠡᠷᠭᠦᠭᠡᠬᠦ | ᠠᠵᠢᠯ ᠢ ᠰᠠᠶᠢᠲᠤᠷ ᠬᠢᠵᠦ᠂ 2024 ᠣᠨ ᠤ ᠭᠤᠣᠯ ᠦᠶᠡᠷᠯᠡᠬᠦ ᠬᠤᠭᠤᠴᠠᠭ᠎ᠠ ᠠᠴᠠ ᠡᠮᠦᠨ᠎ᠡ ᠤᠰᠤᠨ ᠳᠤ | ᠡᠪᠳᠡᠭᠳᠡᠭᠰᠡᠨ ᠬᠡᠰᠡᠭ ᠢ ᠵᠠᠰᠠᠵᠤ ᠰᠡᠷᠭᠦᠭᠡᠬᠦ ᠪᠠᠷᠢᠯᠭ᠎ᠠ ᠶᠢᠨ ᠦᠨᠳᠦᠰᠦᠨ ᠳᠡᠭᠡᠨ ᠠᠵᠢᠯ ᠳᠠᠭᠤᠰᠬᠤ ᠶᠢ ᠦᠨᠡᠨ ᠬᠦ | ᠪᠠᠲᠤᠯᠠᠨ᠎ᠠ᠃ ᠴᠠᠭ ᠠᠭᠤᠷ ᠤᠨ ᠭᠠᠮᠰᠢᠭ ᠢ ᠣᠬᠤᠷ ᠬᠤᠭᠤᠴᠠᠭ᠎ᠠ ᠪᠠᠷ ᠤᠷᠢᠳᠴᠢᠯᠠᠨ ᠰᠡᠷᠡᠮᠵᠢᠯᠡᠭᠦᠯᠭᠦ ᠪᠠ ᠳᠤᠮᠳᠠ | ᠤᠷᠲᠤ ᠬᠤᠭᠤᠴᠠᠭᠠᠨ ᠤ ᠬᠠᠨᠳᠤᠰᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ | ᠪᠦᠷᠢᠨᠰᠢᠭᠦᠯᠦᠨ᠎ᠡ᠃ | ︵ᠳᠣᠯᠤᠭ᠎ᠠ︶ ᠠᠮᠤ ᠪᠤᠳᠠᠭ᠎ᠠ ᠪᠣᠯᠣᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢᠨ | ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠵᠦ᠂ ᠨᠥᠭᠡᠴᠡᠯᠡᠬᠦ ᠠᠶᠤᠯᠭᠦᠢ ᠪᠠᠶᠢᠬᠤ ᠲᠦᠪᠰᠢᠨ ᠢ ᠳᠡᠭᠡᠭᠰᠢᠯᠡᠭᠦᠯᠦᠨ᠎ᠡ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠢᠭᠤᠴᠠ ᠪᠠᠷ ᠠᠷᠠᠯᠵᠢᠶᠠᠯᠠᠬᠤ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠤ ᠪᠤᠳᠠᠭ᠎ᠠ ᠪᠠ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢᠨ ᠪᠠᠶᠢᠳᠠᠯ ᠢ ᠪᠠᠶᠢᠴᠠᠭᠠᠨ | ᠬᠢᠨᠠᠨ ᠰᠢᠨᠵᠢᠬᠦ ᠪᠠ ᠵᠠᠳᠠᠯᠤᠨ ᠰᠢᠨᠵᠢᠬᠦ ᠠᠵᠢᠯ ᠢ ᠥᠷᠨᠢᠭᠦᠯᠦᠨ᠎ᠡ᠃ ᠬᠢᠩᠭᠠᠨ ᠠᠶᠢᠮᠠᠭ ᠤᠨ ᠰᠢᠨᠵᠢᠯᠡᠬᠦ | ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠵᠦ᠂ ︽ᠦᠢᠯᠡᠳᠪᠦᠷᠢᠯᠡᠬᠦ | ᠲᠡᠭᠡᠭᠡᠪᠦᠷᠢᠯᠡᠬᠦ ᠨᠥᠭᠡᠴᠡᠯᠡᠬᠦ ᠪᠤᠯᠪᠠᠰᠤᠷᠠᠭᠤᠯᠬᠤ ᠪᠣᠷᠣᠯᠠᠭᠤᠯᠬᠤ︾ ᠪᠦᠭᠦ ᠬᠡᠯᠬᠢᠶ᠎ᠡ ᠳᠠᠬᠢ ᠠᠮᠤ ᠪᠤᠳᠠᠭ᠎ᠠ ᠠᠷᠪᠢᠯᠠᠵᠤ | ᠬᠤᠷᠣᠭᠳᠠᠭᠤᠯᠤᠯ ᠢ ᠪᠠᠭᠠᠰᠬᠠᠬᠤ ᠶᠢ ᠠᠬᠢᠭᠤᠯᠤᠨ᠎ᠠ᠃ ᠪᠣᠯᠪᠠᠰᠤᠨ ᠬᠤᠭᠤᠯᠠᠨ ᠰᠢᠷᠡᠭᠡᠨ ᠤ ᠠᠵᠢᠯᠯᠠᠭ᠎ᠠ ᠶᠢ | ᠥᠷᠨᠢᠭᠦᠯᠦᠨ᠂ ︽ᠠᠷᠪᠢᠲᠠᠢ ᠬᠤᠭᠤᠯᠠᠯᠠᠬᠤ ᠠᠵᠢᠯᠯᠠᠭ᠎ᠠ︾ ᠶᠢ ᠶᠡᠭᠡ ᠪᠠᠷ ᠰᠠᠨᠠᠭᠠᠴᠢᠯᠠᠵᠤ᠂ ᠡᠷᠡᠭᠦᠯ ᠢᠶᠠᠷ ᠢᠳᠡᠵᠦ | ᠤᠤᠭᠤᠬᠤ ᠪᠠ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠶᠢ ᠪᠣᠯᠪᠠᠰᠤᠨ ᠢ ᠬᠥᠮᠥᠵᠢᠭᠦᠯᠬᠦ᠂ | ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠠᠭᠤᠯᠭ᠎ᠠ ᠳᠤ ᠣᠷᠣᠭᠤᠯᠤᠨ᠎ᠠ᠃ | ︵ᠨᠠᠢᠮᠠ︶ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠲᠤᠯᠭᠠᠭᠤᠷᠢᠯᠠᠯ ᠢ ᠴᠢᠩᠭᠠᠳᠬᠠᠨ᠎ᠠ᠃ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ᠂ ᠡᠭᠦᠯᠳᠡᠷ ᠪᠣᠶᠢᠵᠢᠭᠤᠯᠬᠤ᠂ | ᠲᠠᠷᠢᠶᠠᠯᠠᠩ ᠤᠨ ᠮᠠᠰᠢᠨ ᠲᠣᠨᠣᠭᠯᠠᠯ᠂ ᠠᠮᠤ ᠪᠤᠳᠠᠭᠠᠨ ᠤ ᠡᠯᠪᠡᠭ ᠬᠤᠷᠢᠶᠠᠯᠲᠠ᠂ ᠳᠤᠮᠳᠠ ᠳᠣᠣᠷ᠎ᠠ ᠤᠨᠠᠯᠲᠠ ᠲᠠᠢ | ᠲᠠᠷᠢᠶᠠᠨ ᠭᠠᠵᠠᠷ ᠢ ᠥᠭᠡᠷᠡᠴᠢᠯᠡᠬᠦ᠂ ᠤᠰᠤ ᠠᠷᠪᠢᠯᠠᠬᠤ ᠲᠠᠷᠢᠶᠠᠯᠠᠩ᠂ ᠪᠣᠬᠢᠷᠳᠤᠯ ᠦᠭᠡᠢ ᠲᠠᠷᠢᠶᠠᠯᠠᠩ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠶᠢᠨ ᠲᠣᠭᠤᠷᠢᠨ ᠳᠤ ᠵᠠᠩᠭᠢᠯᠠᠭ᠎ᠠ ᠶᠢᠨ | ᠮᠡᠷᠭᠡᠵᠢᠯ ᠢ ᠨᠡᠭᠡᠭᠡᠨ ᠡᠭᠦᠳᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠭᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ | ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠲᠦᠷᠭᠡᠳᠬᠡᠵᠦ᠂ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠣᠷᠣᠨ᠂ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠡᠪᠡᠰᠦᠨ ᠤ ᠦᠢᠯᠡᠰ | ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠰᠢᠨ᠎ᠡ ᠶᠢ ᠡᠭᠦᠳᠬᠦ | ᠲᠥᠪ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠢᠵᠢᠭ | ᠬᠦᠷᠢᠶᠡᠯᠡᠩ ᠢ 70 ᠠᠴᠠ ᠳᠡᠭᠡᠭᠰᠢ ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠬᠤᠯᠠ ᠶᠡᠭᠡ | ᠮᠡᠷᠭᠡᠵᠢᠯ ᠤᠨ ᠬᠠᠮᠵᠢᠯᠴᠠᠨ ᠳᠡᠯᠭᠡᠷᠡᠭᠦᠯᠬᠦ ᠪᠦᠯᠭᠦᠮ ᠢ 10 ᠪᠠᠶᠢᠭᠤᠯᠤᠨ᠎ᠠ᠃ ︽ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ 110︾ ᠤᠨ ᠦᠢᠯᠡᠴᠢᠯᠡᠭᠡ ᠶᠢ ᠥᠷᠨᠢᠭᠦᠯᠦᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠡᠭᠦᠯᠳᠡᠷ ᠪᠣᠶᠢᠵᠢᠭᠤᠯᠬᠤ ᠶᠢᠨ ᠬᠠᠮᠲᠤᠷᠠᠨ ᠪᠣᠭᠤᠮᠲᠠ | ᠰᠢᠪᠲᠤᠯᠬᠤ ᠪᠠ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠬᠤᠯᠠ ᠶᠡᠭᠡ ᠵᠢᠱᠢᠶ᠎ᠡ ᠦᠵᠡᠭᠦᠯᠭᠦ ᠢᠨᠵᠧᠨᠧᠷᠢᠩ ᠢ ᠬᠡᠷᠡᠭᠵᠢᠭᠦᠯᠵᠦ᠂ 2 ᠠᠴᠠ 3 ᠡᠭᠦᠯᠳᠡᠷ ᠢ ᠤᠯᠤᠰ ᠤᠨ ᠭᠤᠣᠯ | ᠳᠡᠯᠭᠡᠷᠡᠭᠦᠯᠬᠦ ᠡᠭᠦᠯᠳᠡᠷ ᠤᠨ ᠭᠠᠷᠴᠠᠭ ᠲᠤ ᠣᠷᠣᠭᠤᠯᠬᠤ ᠪᠠᠷ ᠴᠢᠷᠮᠠᠶᠢᠨ᠎ᠠ᠃ ᠤᠯᠤᠰ ᠤᠨ ᠲᠠᠰ ᠤᠨ 20 ᠮᠠᠯ | ᠵᠢᠭᠦᠷᠲᠡᠨ ᠤ ᠭᠤᠣᠯ ᠪᠤᠯᠬᠤ ᠡᠭᠦᠯᠳᠡᠷ ᠪᠣᠶᠢᠵᠢᠭᠤᠯᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠳᠡᠮᠵᠢᠨ᠎ᠠ᠃ ᠤᠯᠤᠰ ᠤᠨ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠶᠢᠨ ᠦᠷ᠎ᠡ ᠪᠣᠶᠢᠵᠢᠭᠤᠯᠬᠤ ᠲᠣᠮᠣ ᠰᠢᠶᠠᠨ ᠪᠠ | ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠠᠯᠠᠪᠠᠢ ᠶᠢ 130 ᠲᠦᠮᠡᠨ ᠮᠦ ᠠᠴᠠ ᠳᠡᠭᠡᠭᠰᠢ ᠳᠤ | ᠲᠣᠭᠲᠠᠪᠤᠷᠢᠵᠢᠭᠤᠯᠤᠨ᠎ᠠ᠃ ᠡᠮᠦᠨᠡᠲᠦ ᠣᠷᠣᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠣᠶᠢᠵᠢᠭᠤᠯᠬᠤ | ᠰᠠᠭᠤᠷᠢᠨ ᠢ ᠪᠦᠲᠦᠭᠡᠨ ᠪᠠᠶᠢᠭᠤᠯᠬᠤ ᠶᠢ ᠴᠢᠩᠭᠠᠳᠬᠠᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ | ᠬᠡᠷᠡᠭᠯᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨ | ᠲᠣᠨᠣᠭᠯᠠᠯ ᠤᠨ ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠩ ᠤᠨ ᠮᠠᠰᠢᠨ ᠲᠣᠨᠣᠭᠯᠠᠯ | ᠢ ᠪᠣᠯᠪᠠᠰᠤᠷᠠᠩᠭᠤᠢ ᠪᠤᠯᠭᠠᠵᠤ ᠬᠡᠯᠪᠡᠷᠢᠵᠢᠭᠦᠯᠬᠦ ᠪᠠ ᠳᠡᠯᠭᠡᠷᠡᠭᠦᠯᠦᠨ ᠬᠡᠷᠡᠭᠯᠡᠬᠦ ᠰᠠᠭᠤᠷᠢᠨ ᠢ 6 ᠪᠠᠶᠢᠭᠤᠯᠤᠨ᠎ᠠ᠃ | ᠭᠤᠷᠪᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠨ᠎ᠡ | ︵ᠶᠢᠰᠦ︶ ᠳᠠᠭᠢᠨ ᠶᠠᠳᠠᠭᠤᠷᠠᠬᠤ ᠶᠢ ᠰᠡᠷᠭᠡᠶᠢᠯᠡᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ | ᠲᠥᠪᠯᠡᠷᠡᠭᠦᠯᠦᠨ᠂ ᠬᠥᠳᠡᠯᠦᠩᠭᠦᠢ ᠪᠠᠷ ᠬᠢᠨᠠᠨ ᠬᠡᠮᠵᠢᠵᠦ ᠪᠠᠶᠢᠴᠠᠭᠠᠬᠤ ᠪᠠ ᠬᠠᠨᠳᠤᠯᠭᠠᠲᠤ ᠴᠢᠨᠠᠷᠲᠠᠢ ᠪᠠᠷ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ | ᠬᠡᠮᠵᠢᠵᠦ ᠪᠠᠶᠢᠭ᠎ᠠ ᠡᠲᠡᠭᠡᠳ ᠤᠨ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠪᠠ ᠤᠤᠭᠤᠬᠤ ᠤᠰᠤᠨ ᠤ | ᠠᠮᠤᠷ ᠲᠦᠪᠰᠢᠨ ᠤ ᠪᠠᠶᠢᠳᠠᠯ ᠤᠨ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ ᠶᠢ | ᠠᠬᠢᠭᠤᠯᠤᠨ᠂ ᠭᠠᠮᠰᠢᠭ ᠠᠴᠠ ᠪᠣᠯᠵᠤ᠂ ᠡᠪᠡᠳᠴᠢᠨ ᠠᠴᠠ ᠪᠣᠯᠵᠤ ᠳᠠᠭᠢᠨ ᠶᠠᠳᠠᠭᠤᠷᠠᠬᠤ ᠪᠠ ᠶᠠᠳᠠᠭᠤᠷᠠᠬᠤ | ᠲᠦᠭᠰᠢᠭᠦᠷᠢ ᠶᠢ ᠬᠦᠴᠦᠯᠡᠨ ᠠᠷᠢᠯᠭᠠᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠭᠠᠮᠰᠢᠭᠳᠠᠭᠰᠠᠨ | ᠮᠠᠯᠵᠢᠬᠤ ᠲᠠᠷᠢᠶᠠᠯᠠᠬᠤ ᠡᠷᠦᠭᠡ ᠳᠤ ᠤᠷᠢᠳ ᠢᠶᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠡᠮ ᠡᠮᠨᠡᠯᠭᠡ ᠶᠢᠨ ᠶᠡᠭᠡ ᠲᠣᠭᠠᠨ ᠤ ᠵᠠᠷᠤᠳᠠᠯ ᠲᠠᠢ | ᠡᠪᠡᠳᠴᠢᠲᠡᠨ ᠳᠤ ᠶᠡᠷᠦᠩᠬᠡᠶᠢᠯᠡᠭᠰᠡᠨ ᠪᠠᠲᠤᠯᠠᠭ᠎ᠠ ᠶᠢ ᠬᠡᠷᠡᠭᠵᠢᠭᠦᠯᠦᠨ᠎ᠡ᠃ ᠳᠠᠭᠢᠨ ᠶᠠᠳᠠᠭᠤᠷᠠᠬᠤ ᠶᠢ ᠰᠡᠷᠭᠡᠶᠢᠯᠡᠵᠦ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ | ᠠᠮᠠ ᠶᠢ ᠪᠠᠶᠢᠩᠭᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠰᠤᠳᠤᠯᠤᠨ ᠠᠬᠢᠭᠤᠯᠤᠨ᠎ᠠ᠃ | | ︵ᠠᠷᠪᠠ︶ ᠠᠵᠤ ᠦᠢᠯᠡᠰ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ | ᠠᠬᠢᠭᠤᠯᠬᠤ ᠨᠥᠬᠦᠪᠦᠷᠢ ᠪᠡᠯᠡ ᠮᠥᠩᠭᠦ ᠶᠢ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠬᠤᠪᠢ ᠶᠢᠨ ᠵᠢᠩ ᠢ | 65% ᠠᠴᠠ ᠳᠡᠭᠡᠭᠰᠢ ᠪᠤᠯᠲᠠᠯ᠎ᠠ ᠳᠡᠭᠡᠭᠰᠢᠯᠡᠭᠦᠯᠵᠦ᠂ ᠪᠡᠯᠡ ᠮᠥᠩᠭᠦ ᠶᠢᠨ ᠲᠥᠷᠥᠯ ᠵᠦᠢᠯ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠰᠡᠨ ᠢ ᠭᠠᠴᠠᠭ᠎ᠠ ᠲᠣᠰᠬᠤᠨ ᠤ | ᠬᠠᠮᠲᠤ ᠶᠢᠨ ᠡᠳ᠋ ᠬᠥᠷᠥᠩᠭᠡ ᠶᠢᠨ ᠨᠢᠭᠡᠳᠦᠯᠲᠡᠢ ᠬᠠᠮᠢᠶᠠᠷᠤᠯᠲᠠ ᠳᠤ ᠣᠷᠣᠭᠤᠯᠤᠨ᠎ᠠ᠃ ᠠᠵᠤ ᠦᠢᠯᠡᠰ ᠢᠶᠠᠷ | ᠬᠠᠪᠰᠤᠷᠤᠨ ᠲᠡᠳᠬᠦᠬᠦ ᠶᠢ ᠲᠥᠷᠥᠯ ᠬᠤᠪᠢᠶᠠᠨ ᠥᠷᠨᠢᠭᠦᠯᠵᠦ᠂ ᠬᠠᠪᠰᠤᠷᠤᠨ ᠲᠡᠳᠬᠦᠬᠦ ᠲᠥᠷᠥᠯ ᠵᠦᠢᠯ ᠤᠨ | ᠬᠥᠮᠥᠷᠭᠡ ᠶᠢ ᠲᠡᠭᠦᠯᠳᠡᠷᠵᠢᠭᠦᠯᠦᠨ᠎ᠡ᠃ ᠭᠡᠷᠡᠯᠴᠢ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ᠂ | 2 ᠵᠢᠯ ᠤᠨ ᠳᠣᠲᠣᠷ᠎ᠠ ᠬᠠᠪᠰᠤᠷᠤᠨ ᠲᠡᠳᠬᠦᠬᠦ ᠲᠥᠷᠥᠯ ᠵᠦᠢᠯ ᠢ 100 ᠲᠦᠮᠡᠨ ᠭᠢᠯᠦᠸᠠᠲ ᠪᠦᠲᠦᠭᠡᠨ | ᠪᠠᠶᠢᠭᠤᠯᠤᠨ᠎ᠠ᠃ ᠬᠡᠷᠡᠭᠯᠡᠭᠡ ᠪᠠᠷ ᠬᠠᠪᠰᠤᠷᠤᠨ ᠲᠡᠳᠬᠦᠵᠦ ᠣᠷᠣᠯᠭ᠎ᠠ ᠶᠢ ᠨᠡᠮᠡᠭᠳᠡᠭᠦᠯᠬᠦ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠦᠨ᠎ᠡ᠃ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ ᠪᠣᠭᠤᠮᠲᠠ ᠰᠢᠪᠲᠤᠯᠬᠤ | ᠠᠵᠢᠯᠯᠠᠭ᠎ᠠ ᠶᠢ ᠠᠬᠢᠭᠤᠯᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ᠂ ᠠᠵᠢᠯ | ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠵᠡᠷᠭᠡ ᠠᠷᠭ᠎ᠠ | ᠵᠠᠮ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠳᠤ | ᠠᠵᠢᠯ ᠣᠯᠭᠤᠬᠤ ᠬᠡᠪᠴᠢᠶ᠎ᠡ ᠶᠢ ᠲᠣᠭᠲᠠᠪᠤᠷᠢᠵᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ | ᠭᠦᠨᠵᠡᠭᠡᠶᠢᠷᠡᠭᠦᠯᠦᠨ᠂ ︽ᠥᠪᠥᠷ ᠮᠣᠩᠭᠤᠯ ᠤᠨ ᠦᠢᠯᠡᠳᠬᠦᠨ ᠢ ᠪᠡᠭᠡᠵᠢᠩ ᠳᠤ ᠣᠷᠣᠭᠤᠯᠬᠤ᠂ ᠵᠠᠭᠤᠨ ᠠᠵᠤ | ᠠᠬᠤᠶᠢᠯᠠᠯ ᠬᠠᠮᠲᠤ ᠠᠶᠠᠯᠠᠬᠤ︾ ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠨᠠᠷ | ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠠᠷᠭ᠎ᠠ ᠵᠠᠮ ᠢ | ᠥᠷᠭᠡᠳᠬᠡᠨ᠂ ᠵᠢᠯ ᠤᠨ ᠳᠣᠲᠣᠷ᠎ᠠ ᠪᠡᠭᠡᠵᠢᠩ ᠳᠤ ᠣᠷᠣᠭᠤᠯᠵᠤ ᠪᠣᠷᠣᠯᠠᠭᠤᠯᠬᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ 300 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ | ︵ᠠᠷᠪᠠᠨ ᠨᠢᠭᠡ︶ ᠭᠤᠣᠯᠳᠠᠯᠭ᠎ᠠ ᠲᠠᠢ ᠭᠠᠵᠠᠷ ᠣᠷᠣᠨ ᠢ ᠬᠠᠪᠰᠤᠷᠤᠨ ᠲᠡᠳᠬᠦᠵᠦ ᠳᠡᠮᠵᠢᠬᠦ ᠶᠢ | ᠴᠢᠩᠭᠠᠷᠠᠭᠤᠯᠤᠨ᠎ᠠ᠃ ᠮᠠᠯ ᠠᠵᠤ ᠠᠬᠤᠢ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ | ᠬᠠᠪᠰᠤᠷᠤᠨ ᠲᠡᠳᠬᠦᠬᠦ ᠬᠤᠰᠢᠭᠤ ᠰᠢᠶᠠᠨ ᠲᠡᠶᠢᠰᠢ ᠬᠡᠯᠪᠡᠶᠢᠯᠭᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠡᠮ | ᠡᠮᠨᠡᠯᠭᠡ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠺᠠᠳ᠋ᠷ ᠴᠢᠳᠠᠪᠤᠷᠢᠲᠠᠨ ᠢ ︽ᠪᠦᠬᠦᠯᠢ ᠴᠣᠭᠴᠠ︾ | ᠪᠠᠷ ᠬᠠᠪᠰᠤᠷᠤᠨ ᠲᠡᠳᠬᠦᠬᠦ ᠶᠢ ᠦᠷᠭᠦᠯᠵᠢᠯᠡᠨ ᠥᠷᠨᠢᠭᠦᠯᠦᠨ᠎ᠡ᠃ ᠣᠨᠳᠣᠣ ᠭᠠᠵᠠᠷ ᠨᠡᠭᠦᠯᠭᠡᠭᠰᠡᠨ ᠤᠯᠠᠨ ᠲᠦᠮᠡᠨ ᠳᠤ | ᠠᠵᠢᠯ ᠣᠯᠭᠤᠵᠤ ᠬᠠᠪᠰᠤᠷᠤᠨ ᠲᠡᠳᠬᠦᠬᠦ ᠪᠠ ᠠᠵᠤ ᠦᠢᠯᠡᠰ ᠢᠶᠠᠷ ᠲᠡᠳᠬᠦᠨ ᠳᠡᠮᠵᠢᠬᠦ ᠶᠢ ᠴᠢᠩᠭᠠᠳᠬᠠᠵᠤ᠂ | ᠲᠥᠪᠬᠢᠨᠡᠭᠦᠯᠦᠭᠰᠡᠨ ᠣᠷᠣᠨ ᠳᠠᠬᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ᠬᠤᠲᠠ | ᠪᠠᠯᠭᠠᠰᠤ ᠳᠤ ᠨᠡᠭᠦᠯᠭᠡᠭᠰᠡᠨ ᠤ ᠳᠠᠷᠠᠭ᠎ᠠ ᠬᠥᠮᠥᠨ ᠠᠮᠠ ᠶᠢᠨ ᠨᠡᠮᠡᠭᠳᠡᠯ ᠠᠴᠠ ᠪᠣᠯᠵᠤ ᠣᠷᠣᠨ ᠰᠠᠭᠤᠴᠠ ᠶᠢᠨ | ᠲᠠᠯ᠎ᠠ ᠪᠠᠷ ᠬᠦᠴᠢᠷᠳᠡᠯᠲᠡᠢ ᠪᠣᠯᠤᠭᠰᠠᠨ ᠭᠡᠷ ᠪᠦᠯᠢ ᠶᠢ ᠲᠤᠬᠠᠢ ᠶᠢᠨ ᠭᠠᠵᠠᠷ ᠤᠨ ᠣᠷᠣᠨ ᠰᠠᠭᠤᠴᠠ ᠶᠢᠨ | ᠪᠠᠲᠤᠯᠠᠭ᠎ᠠ ᠶᠢᠨ ᠵᠥᠪᠰᠢᠶᠡᠷᠡᠯ ᠤᠨ ᠨᠥᠬᠦᠴᠡᠯ ᠳᠤ ᠨᠡᠶᠢᠴᠡᠪᠡᠯ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ︽ᠭᠤᠷᠪᠠ ᠶᠢ ᠲᠡᠳᠬᠦᠵᠦ ᠨᠢᠭᠡ ᠶᠢ ᠳᠡᠮᠵᠢᠬᠦ︾ ᠲᠥᠯᠥᠪᠯᠡᠭᠡ ᠶᠢ ᠶᠠᠳᠠᠭᠤ ᠠᠴᠠ ᠠᠩᠭᠢᠵᠢᠷᠠᠭᠤᠯᠤᠭᠰᠠᠨ ᠭᠠᠵᠠᠷ | ᠣᠷᠣᠨ ᠲᠡᠶᠢᠰᠢ ᠬᠡᠯᠪᠡᠶᠢᠯᠭᠡᠨ᠎ᠡ᠃ | ᠳᠥᠷᠪᠡ᠂ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠬᠤᠰᠢᠭᠤᠴᠢ ᠣᠷᠣᠨ ᠢ | ᠪᠦᠲᠦᠭᠡᠨ ᠪᠠᠶᠢᠭᠤᠯᠤᠨ᠎ᠠ | ︵ᠠᠷᠪᠠᠨ ᠬᠤᠶᠠᠷ︶ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ | ᠢ ᠬᠠᠮᠲᠤ ᠪᠠᠷ ᠪᠦᠲᠦᠭᠡᠨ ᠪᠠᠶᠢᠭᠤᠯᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ ᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠢᠶᠠᠷ | ᠤᠳᠤᠷᠢᠳᠤᠮᠵᠢ ᠪᠤᠯᠭᠠᠬᠰᠠᠨ᠂ ᠮᠠᠯ ᠠᠵᠤ ᠠᠬᠤᠢ ᠲᠠᠷᠢᠶᠠᠯᠠᠩ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ | ᠪᠠ ᠳᠠᠪᠠᠭᠤᠯᠢᠭ ᠣᠨᠴᠠᠯᠢᠭᠲᠤ ᠠᠵᠤ ᠦᠢᠯᠡᠰ ᠢ ᠣᠯᠠᠨ ᠡᠰᠢᠵᠢᠭᠦᠯᠦᠨ ᠬᠥᠭᠵᠢᠭᠦᠯᠦᠭᠰᠡᠨ ︽1 + 7 + N︾ | ᠶᠡᠭᠡ ᠬᠥᠳᠡᠭᠡ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠬᠡᠪᠴᠢᠶᠡᠵᠢᠭᠰᠡᠨ | ᠠᠵᠤ ᠦᠢᠯᠡᠰᠵᠢᠭᠰᠡᠨ ᠲᠥᠷᠥᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠵᠤ᠂ 100 ᠣᠷᠴᠢᠮ ᠠᠵᠤ ᠦᠢᠯᠡᠰ ᠤᠨ | ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠶᠢ ᠳᠡᠮᠵᠢᠬᠦ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠡᠷᠳᠡᠨᠢ ᠰᠢᠰᠢ ᠶᠢᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠨ᠂ ᠥᠩᠭᠡᠲᠦ ᠰᠢᠪᠲᠦᠷᠲᠦ ᠬᠦᠴᠢᠯ᠂ ᠨᠠᠷᠢᠯᠢᠭ ᠰᠢᠪᠲᠦᠷᠲᠦ ᠬᠦᠴᠢᠯ᠂ ᠰᠢᠷ᠎ᠠ ᠲᠦᠭᠦᠬᠡᠢ ᠴᠠᠪᠠᠤ ᠵᠡᠷᠭᠡ | ᠥᠨᠳᠥᠷ ᠨᠡᠮᠡᠯᠲᠡ ᠥᠷᠲᠡᠭ ᠲᠠᠢ ᠦᠢᠯᠡᠳᠬᠦᠨ ᠢ ᠶᠡᠭᠡ ᠪᠠᠷ ᠬᠥᠭᠵᠢᠭᠦᠯᠵᠦ᠂ ᠦᠢᠯᠡᠳᠬᠦᠨ ᠤ ᠥᠷᠲᠡᠭ ᠢ 1500 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠬᠤᠨᠢᠨ ᠮᠢᠬᠠᠨ ᠤ ᠳᠠᠭᠠᠭᠤᠯᠤᠭᠴᠢ ᠠᠵᠤ | ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠳᠠᠭᠠᠯᠲᠠ ᠪᠦᠲᠦᠭᠡᠭᠳᠡᠬᠦᠨ ᠢ ᠭᠦᠢᠴᠡᠳ ᠠᠰᠢᠭᠯᠠᠬᠤ ᠶᠢ | ᠠᠬᠢᠭᠤᠯᠤᠨ᠂ ᠥᠪᠥᠷ ᠮᠣᠩᠭᠤᠯ ᠤᠨ ᠬᠤᠨᠢᠨ ᠮᠢᠬᠠᠨ ᠤ ᠲᠦᠷᠦᠯ ᠲᠡᠮᠳᠡᠭ ᠢ ᠪᠤᠶ ᠪᠤᠯᠭᠠᠵᠤ᠂ ᠮᠢᠩᠭᠠᠨ ᠳ᠋ᠦᠩᠰᠢᠭᠤᠷ | ᠲᠠᠰ ᠤᠨ ᠦᠢᠯᠡᠳᠬᠦᠨ ᠤ ᠥᠷᠲᠡᠭ ᠤᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠵᠠᠭᠤᠨ ᠲᠦᠮᠡᠨ ᠲᠣᠯᠣᠭᠠᠢ ᠮᠢᠬᠠᠨ | ᠦᠬᠡᠷ ᠢ ᠪᠣᠷᠳᠣᠬᠤ ᠠᠵᠢᠯᠯᠠᠭ᠎ᠠ ᠶᠢ ᠥᠷᠨᠢᠭᠦᠯᠵᠦ᠂ ᠲᠦᠩᠯᠢᠶᠣᠣ ᠶᠢᠨ ᠪᠦᠭᠦ ᠤᠯᠤᠰ ᠤᠨ ᠮᠢᠬᠠᠨ ᠦᠬᠡᠷ ᠤᠨ | ᠨᠢᠭᠡᠳᠦᠭᠡᠷ ᠪᠠᠯᠭᠠᠰᠤ ᠶᠢ ᠪᠠᠶᠢᠭᠤᠯᠬᠤ ᠶᠢ ᠳᠡᠮᠵᠢᠵᠦ᠂ ᠪᠦᠭᠦ ᠣᠷᠣᠨ ᠤ ᠦᠢᠯᠡᠳᠬᠦᠨ ᠤ ᠥᠷᠲᠡᠭ ᠢ 800 | ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ᠲᠥᠮᠥᠰᠥ ᠲᠠᠷᠢᠬᠤ ᠶᠢ ᠵᠣᠷᠢᠭᠵᠢᠭᠤᠯᠵᠤ᠂ ᠴᠠᠷᠳᠠᠭᠤᠯ᠂ | ᠪᠡᠯᠡᠨ ᠪᠤᠯᠭᠠᠬᠰᠠᠨ ᠨᠣᠭᠤᠭ᠎ᠠ᠂ ᠰᠤᠯᠠ ᠢᠳᠡᠭᠡᠨ ᠵᠡᠷᠭᠡ ᠶᠢ ᠰᠤᠳᠤᠯᠤᠨ ᠨᠡᠭᠡᠭᠡᠵᠦ ᠡᠳ᠋ᠰᠢᠭᠦᠯᠦᠨ ᠪᠤᠯᠪᠠᠰᠤᠷᠠᠭᠤᠯᠬᠤ | ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠳᠬᠦᠨ ᠤ ᠥᠷᠲᠡᠭ ᠢ 180 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ | ᠴᠢᠷᠮᠠᠶᠢᠨ᠎ᠠ᠃ ᠨᠣᠣᠯᠣᠭᠤᠷ ᠤᠨ ᠢᠮᠠᠭᠠᠨ ᠤ ᠡᠭᠦᠯᠳᠡᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠥᠪᠥᠷ | ᠮᠣᠩᠭᠤᠯ ᠤᠨ ᠨᠣᠣᠯᠣᠭᠤᠷ ᠤᠨ ᠣᠯᠠᠨ ᠤᠯᠤᠰ ᠲᠠᠬᠢ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠂ ᠦᠢᠯᠡᠳᠬᠦᠨ ᠤ ᠥᠷᠲᠡᠭ ᠢ 180 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ | ᠪᠠᠶᠠᠨᠨᠠᠭᠤᠷ ᠵᠡᠷᠭᠡ ᠭᠠᠵᠠᠷ ᠲᠤ ᠬᠤᠨᠢᠨ ᠠᠷᠠᠰᠤ ᠶᠢ ᠢᠳᠡᠭᠡᠨ ᠪᠤᠯᠭᠠᠬᠤ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠬᠦ ᠶᠢ ᠠᠬᠢᠭᠤᠯᠤᠨ᠎ᠠ᠃ ᠪᠦᠭᠦ ᠵᠢᠯ ᠳᠤ ᠭᠤᠣᠯ ᠪᠤᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠦᠨ ᠣᠨᠳᠣᠣᠰᠢᠭᠤᠯᠬᠤ ᠨᠣᠷᠮ᠎ᠠ ᠶᠢ 73% ᠠᠴᠠ ᠳᠡᠭᠡᠭᠰᠢ ᠳᠤ ᠬᠦᠷᠭᠡᠬᠦ ᠪᠠᠷ | ᠴᠢᠷᠮᠠᠶᠢᠨ᠎ᠠ᠃ | ︵ᠠᠷᠪᠠᠨ ᠭᠤᠷᠪᠠ︶ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ | ᠠᠬᠢᠭᠤᠯᠵᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠲᠠᠢ ᠤᠶᠠᠯᠳᠤᠭᠤᠯᠤᠨ᠂ ᠵᠢᠯ ᠤᠨ ᠳᠣᠲᠣᠷ᠎ᠠ | ᠬᠠᠳᠤᠨ ᠭᠤᠣᠯ ᠤᠨ ︽ᠶᠡᠭᠡ ᠲᠣᠬᠤᠢ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠷᠴᠢᠨ ᠪᠠ | ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ᠂ ᠾᠧ ᠰᠢ ᠶᠢᠨ ᠬᠤᠩᠭᠢᠯ | - ᠲᠠᠺᠯᠢᠮᠠᠺᠠᠨ ᠡᠯᠡᠰᠦᠨ ᠴᠦᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠲᠣᠰᠪᠤᠷᠢ 758 | ᠲᠦᠮᠡᠨ ᠮᠦ᠂ 549 ᠲᠦᠮᠡᠨ ᠮᠦ᠂ 131 ᠲᠦᠮᠡᠨ ᠮᠦ ᠪᠡᠶᠡᠯᠡᠭᠦᠯᠦᠨ᠎ᠡ᠃ ᠤᠰᠤ ᠠᠷᠪᠢᠯᠠᠬᠤ ᠲᠠᠷᠢᠶᠠᠯᠠᠩ ᠢ ᠶᠡᠭᠡ | ᠪᠠᠷ ᠬᠥᠭᠵᠢᠭᠦᠯᠦᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 200 ᠲᠦᠮᠡᠨ ᠮᠦ | ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠬᠡᠷᠡᠭᠵᠢᠭᠦᠯᠬᠦ ᠲᠠᠯᠠᠪᠠᠶ ᠶᠢ 4747 ᠲᠦᠮᠡᠨ ᠮᠦ ᠳᠤ ᠬᠦᠷᠭᠡᠨ᠎ᠡ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ | ᠪᠡᠯᠴᠢᠭᠡᠷ ᠲᠤ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠬᠢᠩᠭᠠᠨ ᠠᠶᠢᠮᠠᠭ ᠤᠨ ᠤᠯᠤᠰ ᠤᠨ | ᠲᠠᠰ ᠤᠨ ᠣᠲᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠢ ᠴᠢᠨᠠᠷ ᠰᠠᠶᠢᠲᠠᠢ ᠪᠦᠲᠦᠭᠡᠨ | ᠪᠠᠶᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ | ᠠᠬᠢᠭᠤᠯᠵᠤ᠂ ᠨᠢᠭᠡ ᠪᠦᠯᠦᠭ ᠬᠢᠮᠢ ᠶᠢᠨ ᠪᠣᠷᠳᠣᠭᠤᠷ ᠪᠠ ᠬᠢᠮᠢ ᠶᠢᠨ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ | ᠦᠷ᠎ᠡ ᠠᠰᠢᠭ ᠢ ᠨᠡᠮᠡᠭᠳᠡᠭᠦᠯᠬᠦ᠂ ᠰᠢᠭᠡᠭ ᠪᠣᠷᠳᠣᠭᠤᠷ ᠢ ᠲᠠᠷᠢᠶᠠᠨ ᠳᠤ ᠰᠢᠯᠵᠢᠭᠦᠯᠦᠨ ᠠᠰᠢᠭᠯᠠᠬᠤ ᠲᠠᠷᠢᠵᠤ | ᠲᠡᠵᠢᠭᠡᠬᠦ ᠶᠢ ᠤᠶᠠᠯᠳᠤᠭᠤᠯᠬᠤ ᠰᠠᠭᠤᠷᠢᠨ ᠢ ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠰᠦᠯᠢᠶᠥᠦ | ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ ᠢ ᠭᠦᠨᠵᠡᠭᠡᠢ ᠬᠡᠷᠡᠭᠵᠢᠭᠦᠯᠵᠦ᠂ ᠰᠦᠯᠢᠶᠥᠦ | ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠨ ᠡᠮ ᠤᠨ ᠪᠠᠭᠯᠠᠭ᠎ᠠ | ᠪᠣᠭᠤᠳᠠᠯ ᠤᠨ ᠬᠠᠶᠠᠭᠳᠠᠮᠠᠯ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠶᠢ ᠴᠢᠩᠭᠠᠳᠬᠠᠨ᠎ᠠ᠃ ᠪᠣᠬᠢᠷᠲᠤᠭᠰᠠᠨ ᠲᠠᠷᠢᠶᠠᠨ | ᠭᠠᠵᠠᠷ ᠢ ᠠᠶᠤᠯᠭᠦᠢ ᠪᠣᠯᠭᠠᠨ ᠠᠰᠢᠭᠯᠠᠬᠤ ᠶᠢ ᠴᠢᠩᠭᠠᠳᠬᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠤᠷᠵᠢᠭᠤᠯᠤᠬᠰᠠᠨ ᠬᠠᠮᠢᠶᠠᠷᠤᠯᠲᠠ ᠶᠢ ᠴᠢᠩᠭᠠᠳᠬᠠᠵᠤ᠂ | ᠪᠠᠷᠢᠮᠵᠢᠶ᠎ᠠ ᠳᠤ ᠬᠦᠷᠭᠡᠬᠦ ᠶᠢ ᠠᠮᠠᠯᠳᠠᠬᠤ ᠬᠢᠷᠢ ᠲᠡᠩᠴᠡᠭᠰᠡᠨ ᠦᠨᠡᠮᠯᠡᠯ ᠤᠨ ᠳᠦᠷᠢᠮ ᠪᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠢᠷᠡᠯᠲᠡ ᠶᠢ ᠮᠥᠷᠳᠡᠵᠦ ᠪᠤᠯᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵ᠠᠷᠪᠠᠨ ᠳᠥᠷᠪᠡ︶ ᠣᠨᠴᠠᠯᠢᠭᠲᠤ ᠮᠠᠯ ᠠᠵᠤ ᠠᠬᠤᠢ ᠲᠠᠷᠢᠶᠠᠯᠠᠩ ᠤᠨ ᠲᠥᠷᠥᠯ ᠲᠡᠮᠳᠡᠭ ᠢ ᠡᠭᠦᠳᠦᠨ᠎ᠡ᠃ | ︽ᠥᠪᠥᠷ ᠮᠣᠩᠭᠤᠯ︾ ᠨᠡᠷᠡᠮᠵᠢᠳᠤ ᠲᠡᠮᠳᠡᠭ ᠢᠶᠠᠷ ᠭᠡᠷᠡᠴᠢᠯᠡᠭᠦᠯᠬᠦ ᠶᠢ ᠶᠡᠭᠡ ᠪᠠᠷ ᠠᠬᠢᠭᠤᠯᠵᠤ᠂ ᠪᠣᠬᠢᠷᠳᠤᠯ ᠦᠭᠡᠢ | ᠣᠷᠭᠠᠨᠢᠭ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠠᠯ | ᠠᠵᠤ ᠠᠬᠤᠢ ᠲᠠᠷᠢᠶᠠᠯᠠᠩ ᠤᠨ ᠰᠣᠳᠣᠨ ᠲᠦᠷᠦᠯ ᠲᠡᠮᠳᠡᠭ ᠤᠨ ᠢᠨᠵᠧᠨᠧᠷᠢᠩ ᠢ ᠬᠡᠷᠡᠭᠵᠢᠭᠦᠯᠵᠦ᠂ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ 30᠂ ᠠᠵᠤ ᠠᠬᠤᠶᠢᠯᠠᠯ ᠤᠨ ᠦᠢᠯᠡᠳᠬᠦᠨ ᠤ ᠲᠥᠷᠥᠯ | ᠲᠡᠮᠳᠡᠭ ᠢ150 ᠡᠭᠦᠳᠴᠦ᠂ ᠪᠣᠬᠢᠷᠳᠤᠯ ᠦᠭᠡᠢ ᠣᠷᠭᠠᠨᠢᠭ ᠪᠦᠲᠦᠭᠡᠭᠳᠡᠬᠦᠨ ᠢ 220᠂ ᠨᠡᠷᠡᠲᠦ ᠣᠨᠴᠠ ᠰᠢᠯᠢᠳᠡᠭ | ᠰᠢᠨ᠎ᠡ 100 ᠲᠠᠷᠢᠶᠠᠯᠠᠩ ᠤᠨ ᠪᠦᠲᠦᠭᠡᠭᠳᠡᠬᠦᠨ ᠢ ᠰᠢᠨ᠎ᠡ ᠪᠠᠷ ᠪᠣᠶᠢᠵᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ᠂ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠣᠭᠲᠠᠴᠠ ᠪᠣᠯᠣᠨ ᠪᠦᠭᠦ | ᠤᠯᠤᠰ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ | ᠭᠠᠷᠠᠭ ᠵᠡᠷᠭᠡ ᠲᠠᠪᠴᠠᠩ ᠢ ᠰᠠᠶᠢᠲᠤᠷ ᠬᠡᠷᠡᠭᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠣᠷᠣᠯᠠᠭᠤᠯᠤᠨ ᠬᠤᠳᠠᠯᠳᠤᠬᠤ ᠬᠡᠪᠴᠢᠶ᠎ᠡ ᠶᠢ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠲᠥᠪ ᠢ 30᠂ ᠰᠦᠯᠵᠢᠶᠡᠨ | ᠳᠡᠭᠡᠷᠡᠬᠢ ᠲᠦᠷᠦᠯ ᠲᠡᠮᠳᠡᠭ ᠤᠨ ᠬᠤᠰᠢᠭᠤᠴᠢ ᠳᠡᠯᠭᠡᠭᠦᠷ ᠢ 100 ᠣᠷᠴᠢᠮ ᠲᠡᠳᠬᠦᠵᠦ᠂ ᠪᠦᠭᠦ ᠤᠯᠤᠰ ᠤᠨ | ᠭᠤᠣᠯᠳᠠᠯᠭ᠎ᠠ ᠲᠠᠢ ᠬᠤᠲᠠ ᠳᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠳᠡᠯᠭᠡᠨ ᠪᠣᠷᠣᠯᠠᠭᠤᠯᠬᠤ ᠬᠤᠰᠢᠭᠤᠴᠢ ᠳᠡᠯᠭᠡᠭᠦᠷ ᠢ 100 ᠣᠷᠴᠢᠮ ᠪᠠᠶᠢᠷᠢᠯᠠᠭᠤᠯᠤᠨ ᠪᠠᠶᠢᠭᠤᠯᠵᠤ᠂ ᠭᠤᠣᠯ ᠪᠤᠯᠬᠤ | ᠬᠡᠷᠡᠭᠯᠡᠭᠡ ᠶᠢᠨ ᠭᠠᠵᠠᠷ ᠲᠤ ᠬᠡᠷᠡᠭᠯᠡᠭᠴᠢᠳ ᠲᠤ ᠣᠶᠢᠷᠠᠲᠤᠭᠤᠯᠬᠤ ᠬᠥᠮᠥᠷᠭᠡ ᠶᠢ 6 ᠪᠠᠶᠢᠭᠤᠯᠤᠨ᠎ᠠ᠃ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ | ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠴᠢᠩ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ | ᠪᠣᠬᠢᠷᠳᠤᠯ ᠦᠭᠡᠢ ᠦᠨᠦᠷ ᠠᠮᠲᠠ︾ ᠶᠢ ᠥᠷᠭᠡᠨ ᠢᠶᠠᠷ ᠤᠬᠠᠭᠤᠯᠵᠤ᠂ ︽ᠥᠪᠥᠷ ᠮᠣᠩᠭᠤᠯ︾ ᠨᠡᠷᠡᠮᠵᠢᠳᠤ ᠲᠡᠮᠳᠡᠭ - | ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠳᠠᠶᠠᠭᠠᠷ ᠢᠶᠠᠨ ᠮᠡᠳᠡᠬᠦ ᠲᠦᠷᠦᠯ ᠲᠡᠮᠳᠡᠭ ᠪᠣᠯᠭᠠᠨ᠎ᠠ᠃ | ︵ᠠᠷᠪᠠᠨ ᠲᠠᠪᠤ︶ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ | ᠳᠠᠭᠠᠭᠤᠯᠤᠭᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ 100 ᠣᠷᠴᠢᠮ | ᠳᠠᠭᠠᠭᠤᠯᠤᠭᠴᠢ ᠠᠵᠤ ᠠᠬᠤᠶᠢᠯᠠᠯ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠨ᠎ᠠ᠃ ᠲᠤᠰ ᠭᠠᠵᠠᠷ ᠣᠷᠣᠨ ᠤ | ᠳᠠᠭᠠᠭᠤᠯᠤᠭᠴᠢ ᠠᠵᠤ ᠠᠬᠤᠶᠢᠯᠠᠯ ᠢ ᠳᠠᠭᠢᠨ ᠵᠣᠬᠢᠶᠠᠨ ᠪᠠᠶᠢᠭᠤᠯᠬᠤ᠂ ᠫᠠᠶᠢᠰᠠ ᠡᠯᠭᠦᠨ ᠰᠲ᠋ᠣᠺ ᠤᠨ ᠵᠠᠬ᠎ᠠ | ᠳᠡᠯᠭᠡᠭᠦᠷ ᠲᠤ ᠭᠠᠷᠬᠤ᠂ ᠤᠯᠤᠰ ᠤᠨ ᠲᠡᠰ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢᠶᠠᠷ | ᠮᠡᠳᠡᠭᠦᠯᠬᠦ ᠶᠢ ᠵᠣᠷᠢᠭᠵᠢᠭᠤᠯᠤᠨ᠎ᠠ᠃ ᠮᠥᠷᠥᠶᠢᠴᠡᠭᠡᠨᠲᠦ ᠴᠢᠨᠠᠷᠲᠠᠢ ᠠᠷᠠᠯᠵᠢᠶᠠᠴᠢᠨ ᠤᠷᠢᠬᠤ᠂ ᠬᠠᠮᠲᠤᠷᠠᠯᠴᠠᠬᠤ | ᠠᠷᠠᠯᠵᠢᠶᠠᠴᠢᠨ ᠤᠷᠢᠬᠤ᠂ ᠬᠥᠷᠥᠩᠭᠡ ᠶᠢᠨ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠬᠥᠲᠥᠴᠢ | ᠠᠵᠤ ᠠᠬᠤᠶᠢᠯᠠᠯ᠂ ᠬᠤᠰᠢᠭᠤᠴᠢ ᠠᠵᠤ ᠠᠬᠤᠶᠢᠯᠠᠯ ᠢ ᠬᠠᠨᠳᠤᠯᠭ᠎ᠠ ᠲᠠᠢ ᠪᠠᠷ ᠣᠷᠣᠭᠤᠯᠵᠤ ᠠᠪᠴᠢᠷᠠᠵᠤ | ᠨᠤᠲᠤᠭᠰᠢᠭᠤᠯᠤᠨ᠎ᠠ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠷᠰᠢᠶ᠎ᠠ ᠪᠠᠶᠢᠭᠤᠯᠬᠤ ᠶᠢ | ᠵᠣᠷᠢᠭᠵᠢᠭᠤᠯᠤᠨ᠎ᠠ᠃ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠥᠭᠡᠷᠡᠴᠢᠯᠡᠨ | ᠪᠠᠶᠢᠭᠤᠯᠤᠯᠲᠠ ᠶᠢ ᠲᠦᠷᠭᠡᠳᠬᠡᠨ᠎ᠡ᠃ 1000 ᠣᠷᠴᠢᠮ ᠰᠢᠨ᠎ᠡ ᠭᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ | ᠡᠵᠡᠩᠨᠡᠯᠲᠡ ᠶᠢᠨ ᠭᠤᠣᠯ ᠴᠣᠭᠴᠠ ᠶᠢᠨ ᠬᠠᠪᠰᠤᠷᠤᠨ ᠵᠢᠯᠣᠭᠤᠳᠤᠭᠴᠢ ᠶᠢ ᠰᠣᠩᠭᠤᠨ ᠡᠯᠰᠡᠵᠦ᠂ ︽ᠮᠢᠩᠭᠠᠨ ᠬᠥᠮᠥᠨ | ᠲᠦᠮᠡᠨ ᠬᠤᠷᠰᠢᠶ᠎ᠠ ᠶᠢ ᠳᠠᠶᠢᠴᠢᠯᠠᠬᠤ︾ ᠠᠵᠢᠯᠯᠠᠭ᠎ᠠ ᠶᠢ ᠥᠷᠨᠢᠭᠦᠯᠦᠨ᠎ᠡ᠃ ᠬᠥᠳᠡᠭᠡ ᠠᠵᠤ ᠠᠬᠤᠢ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪᠯᠡᠷᠡᠨ ᠵᠠᠯᠭᠠᠯᠳᠤᠭᠰᠠᠨ ᠵᠢᠱᠢᠶ᠎ᠡ ᠦᠵᠡᠭᠦᠯᠭᠦ ᠠᠵᠢᠯ ᠢ ᠥᠷᠨᠢᠭᠦᠯᠵᠦ᠂ | ᠦᠢᠯᠡᠴᠢᠯᠡᠭᠡᠨ ᠤ ᠲᠠᠯᠠᠪᠠᠶ ᠶᠢ 3000 ᠲᠦᠮᠡᠨ ᠮᠦ ᠠᠴᠠ ᠳᠠᠪᠠᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ | ᠮᠠᠯ ᠠᠵᠤ ᠠᠬᠤᠢ ᠲᠠᠷᠢᠶᠠᠯᠠᠩ ᠤᠨ ᠦᠢᠯᠡᠴᠢᠯᠡᠭᠡ ᠶᠢᠨ ᠲᠥᠪ ᠪᠣᠯᠭᠠᠨ ᠪᠠᠶᠢᠭᠤᠯᠬᠤ ᠶᠢ ᠳᠡᠮᠵᠢᠨ᠎ᠡ᠃ ᠣᠷᠳᠣᠰ᠂ | ᠪᠠᠶᠠᠨᠨᠠᠭᠤᠷ᠂ ᠬᠢᠩᠭᠠᠨ ᠠᠶᠢᠮᠠᠭ᠂ ᠦᠬᠠᠢ ᠵᠢᠴᠢ ᠦᠬᠡᠷ ᠬᠤᠨᠢ ᠲᠡᠵᠢᠭᠡᠨ ᠦᠷᠡᠵᠢᠭᠦᠯᠬᠦ 22 ᠲᠣᠮᠣ ᠰᠢᠶᠠᠨ ᠳᠤ ᠮᠠᠯ | ᠤᠨ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠦᠨ᠎ᠡ᠃ ᠲᠣᠭᠲᠠᠭᠰᠠᠨ ᠠᠮᠢᠲᠠᠨ ᠤ ᠬᠢᠵᠢᠭ | ᠡᠪᠡᠳᠴᠢᠨ ᠦᠭᠡᠢ ᠣᠷᠣᠨ᠂ ᠠᠮᠢᠲᠠᠨ ᠤ ᠬᠢᠵᠢᠭ ᠡᠪᠡᠳᠴᠢᠨ ᠢ ᠴᠡᠪᠡᠷᠰᠢᠭᠦᠯᠬᠦ ᠦᠢᠯᠡᠳᠪᠦᠷᠢ ᠶᠢᠨ ᠪᠦᠲᠦᠭᠡᠨ | ᠪᠠᠶᠢᠭᠤᠯᠤᠯᠲᠠ ᠶᠢ ᠳᠠᠮᠵᠢᠨ᠎ᠠ᠃ | ︵ᠠᠷᠪᠠᠨ ᠵᠢᠷᠭᠤᠭ᠎ᠠ︶ ᠮᠠᠯᠵᠢᠬᠤ ᠲᠠᠷᠢᠶᠠᠯᠠᠬᠤ ᠣᠷᠣᠨ ᠤ ᠭᠦᠢᠯᠭᠡᠭᠡᠨ ᠤ ᠲᠣᠣᠷ ᠢ ᠲᠡᠭᠦᠯᠳᠡᠷᠵᠢᠭᠦᠯᠦᠨ᠎ᠡ᠃ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠢᠯᠡᠭᠡᠨ ᠬᠦᠷᠭᠡᠬᠦ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠤᠨ ᠲᠣᠣᠷ ᠢ | ᠲᠡᠭᠦᠯᠳᠡᠷᠵᠢᠭᠦᠯᠦᠨ᠂ 5000 ᠪᠠᠷᠢᠮᠵᠢᠶᠠᠵᠢᠭᠰᠠᠨ ᠲᠣᠰᠬᠤᠨ ᠤ ᠱᠠᠲᠤᠨ ᠤ ᠢᠯᠡᠭᠡᠨ ᠬᠦᠷᠭᠡᠬᠦ ᠪᠠᠷᠠᠭ᠎ᠠ ᠶᠢᠨ | ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ ᠪᠠᠶᠢᠭᠤᠯᠤᠨ᠎ᠠ᠃ ᠬᠤᠲᠠ ᠬᠥᠳᠡᠭᠡ ᠶᠢᠨ ᠵᠠᠮ | ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠭᠦ ᠰᠢᠶᠠᠨ ᠢ ᠡᠭᠦᠳᠦᠨ ᠪᠠᠶᠢᠭᠤᠯᠬᠤ ᠶᠢ ᠭᠦᠨᠵᠡᠭᠡᠢ | ᠥᠷᠨᠢᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠵᠡᠷᠭᠡ ᠭᠤᠣᠯ ᠴᠣᠭᠴᠠ ᠶᠢᠨ ᠬᠡᠪᠴᠢᠶ᠎ᠡ ᠨᠢ ᠵᠣᠬᠢᠰᠲᠠᠢ ᠬᠦᠢᠲᠡᠨ ᠢᠶᠠᠷ ᠬᠠᠳᠠᠭᠠᠯᠠᠵᠤ ᠰᠢᠨ᠎ᠡ | ᠰᠣᠷᠭᠤᠭ ᠪᠠᠶᠢᠯᠭᠠᠬᠤ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ ᠥᠭᠡᠷᠡᠴᠢᠯᠡᠬᠦ ᠶᠢ ᠳᠡᠮᠵᠢᠨ᠎ᠡ᠃ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ︽ᠬᠠᠩᠭᠠᠯᠭ᠎ᠠ ᠶᠢ ᠪᠠᠲᠤᠯᠠᠬᠤ ᠭᠡᠯᠪᠡᠷᠢ ᠶᠢᠨ ᠬᠥᠮᠥᠷᠭᠡᠯᠡᠨ ᠬᠠᠳᠠᠭᠠᠯᠠᠬᠤ ᠬᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ︾ ᠢ ᠪᠠᠶᠢᠭᠤᠯᠬᠤ ᠶᠢ ᠳᠡᠮᠵᠢᠨ᠎ᠡ᠃ ᠭᠤᠣᠯᠯᠠᠭᠴᠢ ᠬᠦᠢᠲᠡᠨ | ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠭᠦᠭᠡᠬᠤᠲᠠ᠂ | ᠲᠦᠩᠯᠢᠶᠣᠣ᠂ ᠪᠠᠶᠠᠨᠨᠠᠭᠤᠷ ᠤᠨ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠤᠭᠤᠲᠤ ᠬᠤᠲᠠ ᠶᠢᠨ ᠤᠯᠤᠰ ᠤᠨ ᠭᠤᠣᠯᠯᠠᠭᠴᠢ | ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠢ ᠪᠠᠶᠢᠭᠤᠯᠬᠤ ᠪᠠᠷ ᠭᠤᠶᠤᠴᠢᠯᠠᠬᠤ ᠶᠢ ᠳᠠᠮᠵᠢᠨ᠎ᠠ᠃ | ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶ᠎ᠡ | ᠴᠠᠷᠠᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠲᠠᠷᠢᠶᠠᠯᠠᠩ ᠤᠨ ᠬᠡᠷᠡᠭᠰᠡᠯ ᠤᠨ | ᠬᠠᠭᠤᠷᠮᠠᠭ ᠮᠠᠭᠤ ᠲᠠᠸᠠᠷ ᠲᠤ ᠴᠣᠬᠢᠯᠲᠠ ᠥᠭᠬᠦ ᠶᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠬᠠᠭᠤᠷᠮᠠᠭ ᠮᠠᠭᠤ ᠲᠠᠸᠠᠷ ᠢ ᠦᠷᠭᠦᠯᠵᠢᠯᠡᠨ ᠴᠡᠭᠴᠡᠯᠡᠨ ᠵᠠᠰᠠᠨ᠎ᠠ᠃ | ︵ᠠᠷᠪᠠᠨ ᠳᠣᠯᠤᠭ᠎ᠠ︶ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠬᠦᠴᠦᠯᠡᠨ ᠠᠬᠢᠭᠤᠯᠤᠨ᠎ᠠ᠃ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ | ᠥᠷᠭᠡᠳᠬᠡᠵᠦ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ︽ᠤᠮᠠᠷᠠᠲᠤ ᠶᠢᠨ ᠭᠤᠷᠪᠠᠨ ᠣᠷᠣᠨ︾ | ᠤ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠵᠤ᠂ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ ᠬᠡᠪᠴᠢᠶ᠎ᠡ ᠶᠢ | ᠭᠡᠷ᠎ᠡ ᠶᠢᠨ ᠲᠣᠭᠠᠨ ᠤ 10% ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃ ᠬᠦᠷᠢᠶ᠎ᠡ ᠬᠠᠰᠢᠶᠠᠨ ᠤ ᠠᠵᠤ | ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ︽ᠵᠠᠭᠤᠨ | ᠰᠢᠶᠠᠩ ᠮᠢᠩᠭᠠᠨ ᠲᠣᠰᠬᠤᠨ ᠲᠦᠮᠡᠨ ᠬᠦᠷᠢᠶ᠎ᠡ︾ ᠶᠢᠨ ᠠᠵᠢᠯᠯᠠᠭ᠎ᠠ ᠶᠢ ᠥᠷᠨᠢᠭᠦᠯᠦᠨ᠂ ᠮᠠᠯᠴᠢᠨ ᠲᠠᠷᠢᠶᠠᠴᠢᠳ ᠤᠨ | ᠭᠡᠷ ᠤᠨ ᠢᠶᠠᠨ ᠡᠷᠭᠢᠨ ᠲᠣᠭᠤᠷᠢᠨ ᠳᠤ ᠰᠤᠯᠠ ᠪᠠᠶᠢᠭ᠎ᠠ ᠬᠦᠷᠢᠶ᠎ᠡ ᠬᠠᠰᠢᠶ᠎ᠠ ᠶᠢᠨ ᠣᠷᠣᠨ ᠵᠠᠢ ᠪᠠᠨ ᠠᠰᠢᠭᠯᠠᠨ᠂ | ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠲᠠᠷᠢᠵᠤ ᠲᠡᠵᠢᠭᠡᠬᠦ᠂ ᠣᠨᠴᠠᠯᠢᠭᠲᠤ | ᠠᠷᠠᠳ ᠤᠨ ᠤᠯᠠᠮᠵᠢᠯᠠᠯᠲᠤ ᠰᠠᠭᠤᠴᠠ ᠶᠢᠨ ᠪᠠᠭᠤᠳᠠᠯ᠂ ᠭᠠᠷ ᠦᠢᠯᠡᠳᠬᠡᠯ ᠤᠨ ᠭᠠᠵᠠᠷ ᠵᠡᠷᠭᠡ ᠬᠦᠷᠢᠶ᠎ᠡ ᠬᠠᠰᠢᠶᠠᠨ ᠤ | ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ 150 ᠭᠠᠴᠠᠭ᠎ᠠ ᠲᠣᠰᠬᠤᠨ ᠢ ᠰᠣᠩᠭᠤᠵᠤ ︽ᠨᠢᠭᠡᠳᠦᠯᠲᠡᠢ | ᠲᠠᠷᠢᠵᠤ ︵ᠲᠡᠵᠢᠭᠡᠵᠦ︶ ᠬᠠᠮᠲᠤ ᠪᠠᠷ ᠪᠠᠶᠠᠵᠢᠬᠤ︾ ᠵᠠᠭᠪᠤᠷ ᠢ ᠳᠡᠯᠭᠡᠷᠡᠭᠦᠯᠵᠦ᠂ ᠮᠠᠯᠴᠢᠨ ᠲᠠᠷᠢᠶᠠᠴᠢᠳ ᠤᠨ ᠡᠵᠡᠩᠨᠡᠵᠦ | ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠨᠢᠭᠡ ᠡᠭᠡᠯᠵᠢ ᠶᠢᠨ | ᠬᠠᠮᠲᠤ ᠶᠢᠨ ᠠᠵᠤ ᠠᠬᠤᠢ ᠶᠢ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠵᠦ᠂ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠠᠯᠴᠢᠨ ᠲᠠᠷᠢᠶᠠᠴᠢᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ | ᠨᠡᠮᠡᠭᠳᠡᠭᠦᠯᠦᠨ᠎ᠡ᠃ ︽ᠤᠷᠢᠬᠠᠨ ᠰᠠᠯᠬᠢ ᠶᠢᠨ ᠠᠵᠢᠯᠯᠠᠭ᠎ᠠ︾᠂ ︽ᠬᠥᠯᠥᠰᠦᠨ ᠮᠠᠯᠴᠢᠨ ᠲᠠᠷᠢᠶᠠᠴᠢᠳ ᠢ ᠳᠤᠯᠠᠭᠠᠴᠠᠭᠤᠯᠬᠤ︾ | ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ ᠨᠠᠰᠤ ᠠᠬᠢᠭᠰᠠᠨ ᠬᠥᠯᠥᠰᠦᠨ ᠮᠠᠯᠴᠢᠨ ᠲᠠᠷᠢᠶᠠᠴᠢᠳ ᠲᠤ ᠠᠵᠢᠯ | ᠣᠯᠭᠤᠬᠤ ᠶᠢ ᠲᠡᠳᠬᠦᠨ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠭᠦᠯᠦᠨ ᠠᠵᠢᠯ ᠣᠯᠭᠤᠬᠤ | ᠬᠥᠳᠡᠯᠮᠦᠷᠢᠴᠢᠳ ᠲᠤ ᠵᠠᠬᠢᠶᠠᠯᠠᠭ᠎ᠠ᠂ ᠴᠢᠭᠯᠡᠯ᠂ ᠠᠵᠢᠯ ᠤᠨ ᠪᠠᠶᠢᠷᠢ ᠲᠣᠭᠲᠠᠭᠠᠵᠤ ᠥᠭᠬᠦ ᠪᠣᠯᠪᠠᠰᠤᠷᠠᠯ ᠢ ᠵᠣᠬᠢᠶᠠᠨ | ᠪᠠᠶᠢᠭᠤᠯᠵᠤ᠂ ᠪᠦᠭᠦ ᠵᠢᠯ ᠳᠤ 240 ᠲᠦᠮᠡ ᠠᠴᠠ ᠳᠡᠭᠡᠭᠰᠢ ᠬᠥᠮᠥᠨ ᠢ ᠰᠢᠯᠵᠢᠭᠦᠯᠦᠨ ᠠᠵᠢᠯ ᠣᠯᠭᠤᠨ᠎ᠠ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠬᠥᠯᠥᠰᠦᠨ ᠮᠠᠯᠴᠢᠨ ᠲᠠᠷᠢᠶᠠᠴᠢᠳ ᠤᠨ | ᠴᠠᠯᠢᠩ ᠣᠯᠭᠤᠯᠲᠠ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ ᠪᠦᠷᠢᠨᠰᠢᠭᠦᠯᠵᠦ᠂ | ᠬᠥᠯᠥᠰᠦᠨ ᠮᠠᠯᠴᠢᠨ ᠲᠠᠷᠢᠶᠠᠴᠢᠳ ᠤᠨ ᠴᠠᠯᠢᠩ ᠢ ᠮᠠᠭᠤ ᠰᠠᠨᠠᠭ᠎ᠠ ᠪᠠᠷ ᠥᠷᠢᠲᠦᠬᠦ ᠦᠶᠯᠡ ᠠᠵᠢᠯᠯᠠᠭ᠎ᠠ ᠶᠢ ᠬᠠᠤᠯᠢ | ᠶᠣᠰᠣᠭᠠᠷ ᠴᠢᠩᠭ᠎ᠠ ᠵᠠᠯᠬᠠᠭᠠᠨ ᠰᠢᠢᠳᠬᠡᠨ᠎ᠡ᠃ | ᠲᠠᠪᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ | ᠠᠬᠢᠭᠤᠯᠤᠨ᠎ᠠ | ︵ᠠᠷᠪᠠᠨ ᠨᠠᠢᠮᠠ︶ ᠬᠥᠳᠡᠭᠡ ᠲᠣᠰᠬᠤᠨ ᠤ ᠲᠥᠯᠦᠪᠵᠢᠭᠦᠯᠭᠡ ᠶᠢᠨ ᠬᠥᠲᠥᠯᠥᠨ ᠳᠠᠭᠠᠭᠤᠯᠬᠤ ᠲᠦᠪᠰᠢᠨ ᠢ | ᠳᠡᠭᠡᠭᠰᠢᠯᠡᠭᠦᠯᠦᠨ᠎ᠡ᠃ ᠭᠠᠴᠠᠭ᠎ᠠ ᠲᠣᠰᠬᠤᠨ ᠤ︽ᠣᠯᠠᠨ ᠲᠥᠯᠦᠪᠵᠢᠭᠦᠯᠭᠡ ᠶᠢ ᠨᠢᠭᠡ ᠪᠤᠯᠭᠠᠵᠤ ᠨᠢᠭᠡᠳᠬᠡᠬᠦ︾ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠠᠬᠢᠭᠤᠯᠵᠤ᠂ ᠨᠠᠶᠢᠷᠠᠭᠤᠯᠤᠨ ᠵᠣᠬᠢᠶᠠᠬᠤ ᠴᠢᠬᠤᠯᠠ ᠦᠭᠡᠢ ᠶᠢ ᠨᠢ | ᠰᠢᠶᠠᠨ ᠰᠢᠶᠠᠩ ᠤᠨ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠡᠩ ᠤᠨ | ᠳᠦᠷᠢᠮ ᠮᠠᠶ᠋ᠢᠭ ᠤᠨ ᠬᠠᠮᠢᠶᠠᠷᠤᠯᠲᠠ ᠶᠢᠨ ᠲᠣᠭᠲᠠᠭᠠᠯ ᠢᠶᠠᠷ ᠲᠣᠳᠣᠷᠬᠠᠶᠢᠯᠠᠵᠤ ᠪᠣᠯᠣᠨ᠎ᠠ᠃ ᠲᠠᠷᠢᠶᠠᠨ ᠭᠠᠵᠠᠷ ᠤᠨ | ᠶᠡᠷᠦᠩᠬᠡᠢ ᠬᠡᠮᠵᠢᠶ᠎ᠡ ᠶᠢ ᠪᠠᠭᠠᠰᠬᠠᠬᠤ ᠦᠭᠡᠢ᠂ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ | ᠪᠠᠶᠢᠷᠢᠰᠢᠯ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠤᠷᠢᠲᠠᠯ ᠳᠣᠣᠷ᠎ᠠ᠂ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠪᠠ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠲᠦᠷᠦ ᠶᠢᠨ ᠪᠣᠳᠣᠯᠭ᠎ᠠ ᠶᠢ | ᠶᠡᠷᠦᠩᠬᠡᠶᠢᠯᠡᠨ ᠬᠡᠷᠡᠭᠯᠡᠵᠦ᠂ ᠬᠥᠳᠡᠭᠡ ᠲᠣᠰᠬᠤᠨ ᠤ ᠲᠠᠷᠠᠬᠠᠢ ᠪᠤᠲᠠᠷᠬᠠᠢ ᠰᠤᠯᠠ ᠪᠠᠶᠢᠭ᠎ᠠ ᠭᠠᠵᠠᠷ ᠰᠢᠷᠣᠢ ᠶᠢ | ᠨᠡᠶᠢᠳᠬᠡᠵᠦ ᠠᠮᠢᠳᠤᠯᠢᠭᠵᠢᠭᠤᠯᠤᠨ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠠᠵᠤ ᠦᠢᠯᠡᠰ ᠤᠨ | ᠬᠥᠭᠵᠢᠯᠲᠡ ᠳᠤ ᠬᠡᠷᠡᠭᠯᠡᠬᠦ ᠭᠠᠵᠠᠷ ᠢ ᠪᠠᠲᠤᠯᠠᠨ᠎ᠠ᠃ ᠳᠤᠷ᠎ᠠ ᠪᠠᠷ ᠢᠶᠠᠨ ᠠᠶᠢᠯ ᠲᠣᠰᠬᠤᠨ ᠢ ᠬᠠᠰᠤᠵᠤ ᠨᠡᠶᠢᠯᠡᠭᠦᠯᠬᠦ᠂ | ᠮᠠᠯᠴᠢᠨ ᠲᠠᠷᠢᠶᠠᠴᠢᠳ ᠤᠨ ᠬᠦᠰᠡᠯ ᠰᠠᠨᠠᠭ᠎ᠠ ᠠᠴᠠ ᠵᠥᠷᠢᠴᠡᠨ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠶᠢ | ᠴᠢᠩᠭ᠎ᠠ ᠴᠠᠭᠠᠵᠠᠯᠠᠨ᠎ᠠ᠃ | ︵ᠠᠷᠪᠠ ᠶᠢᠰᠦ︶ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ | ᠲᠠᠭᠠᠯᠠᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠴᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠰᠢᠶᠠᠩ ᠲᠣᠰᠬᠤᠨ ᠤ ︽ᠠᠷᠪᠠᠨ ᠰᠢᠶᠠᠨ ᠵᠠᠭᠤᠨ ᠰᠢᠶᠠᠩ | ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠤᠮᠠᠷᠠᠲᠤ ᠬᠢᠯᠢ ᠶᠢᠨ ᠣᠨᠴᠠᠯᠢᠭ ᠢ | ᠢᠯᠡᠷᠡᠭᠦᠯᠦᠭᠰᠡᠨ ᠨᠢᠭᠡ ᠪᠦᠯᠦᠭ ᠵᠢᠱᠢᠶ᠎ᠡ ᠦᠵᠡᠭᠦᠯᠭᠦ ᠵᠠᠭᠪᠤᠷ ᠢ ᠪᠦᠯᠦᠭ ᠬᠤᠪᠢᠶᠠᠨ ᠡᠭᠦᠳᠦᠨ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠡᠷᠦᠭᠡ ᠶᠢᠨ ᠰᠠᠶᠢᠨ ᠳᠤᠷ᠎ᠠ ᠠᠴᠠ ᠪᠠᠨ ᠪᠠᠷᠢᠮᠵᠢᠶ᠎ᠠ ᠶᠣᠰᠣᠭᠠᠷ ᠵᠣᠷᠯᠣᠩ ᠢ ᠥᠭᠡᠷᠡᠴᠢᠯᠡᠬᠦ ᠶᠢ | ᠰᠦᠪᠡᠭᠴᠢᠯᠡᠨ ᠠᠬᠢᠭᠤᠯᠵᠤ᠂ ᠵᠠᠰᠠᠭ ᠤᠨ ᠣᠷᠳᠣᠨ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠡᠷᠦᠭᠡ ᠳᠤ | ᠣᠯᠭᠤᠬᠤ ᠨᠥᠬᠦᠪᠦᠷᠢ ᠱᠠᠩᠨᠠᠯ ᠤᠨ ᠵᠠᠭᠪᠤᠷ ᠢ ᠬᠡᠷᠡᠭᠵᠢᠭᠦᠯᠵᠦ᠂ 5.5 ᠲᠦᠮᠡᠨ ᠡᠷᠦᠭᠡ ᠠᠷᠢᠭᠤᠨ ᠴᠡᠪᠡᠷ | ᠡᠷᠦᠭᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠮᠠ | ᠬᠠᠷᠢᠴᠠᠩᠭᠤᠢ ᠲᠥᠪᠯᠡᠷᠡᠭᠰᠡᠨ ᠭᠠᠵᠠᠷ ᠣᠷᠣᠨ ᠤ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ | ︽135︾ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠠᠲᠤᠨ ᠭᠤᠣᠯ ᠤᠨ ᠰᠠᠪᠠ ᠭᠠᠵᠠᠷ᠂ ᠪᠠᠷᠠᠭᠤᠨ ᠯᠢᠶᠣᠤᠾᠧ | ᠭᠤᠣᠯ ᠤᠨ ᠰᠠᠪᠠ ᠭᠠᠵᠠᠷ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠳᠤ | ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠥᠷᠨᠢᠭᠦᠯᠵᠦ᠂ 400 ᠵᠠᠰᠠᠭ ᠵᠠᠬᠢᠷᠭᠠᠨ ᠤ ᠲᠣᠰᠬᠤᠨ ᠢ ᠬᠠᠮᠤᠷᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ︽ᠶᠡᠭᠡ ᠪᠠᠷ ᠵᠢᠭᠰᠠᠭᠠᠨ | ᠪᠠᠶᠢᠴᠠᠭᠠᠬᠤ᠂ ᠶᠡᠭᠡ ᠪᠠᠷ ᠢᠯᠭᠠᠷᠠᠭᠤᠯᠬᠤ᠂ ᠶᠡᠭᠡ ᠪᠠᠷ ᠴᠡᠭᠴᠡᠯᠡᠨ ᠵᠠᠰᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠣᠷᠭᠠᠨᠢᠭ ᠠᠮᠢᠳᠤᠷᠠᠯ ᠤᠨ ᠬᠤᠭ ᠨᠣᠪᠰᠢ᠂ ᠪᠠᠭᠠᠰᠤ ᠰᠢᠭᠡᠰᠦ᠂ ᠮᠠᠯ ᠠᠵᠤ ᠠᠬᠤᠢ | ᠲᠠᠷᠢᠶᠠᠯᠠᠩ ᠤᠨ ᠦᠢᠯᠡᠳᠪᠦᠷᠢᠯᠡᠯ ᠤᠨ ᠣᠷᠭᠠᠨᠢᠭ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠰᠢᠢᠳᠪᠦᠷᠢᠯᠡᠵᠦ | ᠠᠰᠢᠭᠯᠠᠬᠤ ᠶᠢ ᠬᠠᠮᠵᠢᠯᠴᠠᠨ ᠠᠬᠢᠭᠤᠯᠤᠨ᠎ᠠ᠃ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ | ᠳᠡᠭᠡᠭᠰᠢᠯᠡᠭᠦᠯᠭᠦ ᠪᠠ ᠠᠵᠢᠯᠯᠠᠭᠤᠯᠵᠤ ᠬᠠᠮᠢᠶᠠᠷᠴᠤ ᠬᠠᠮᠠᠭᠠᠯᠠᠬᠤ ᠳᠤ ᠮᠠᠯᠴᠢᠨ ᠲᠠᠷᠢᠶᠠᠴᠢᠳ ᠤᠨ ᠣᠷᠤᠯᠴᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠬᠤᠷᠢ︶ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠷᠢᠨ ᠲᠡᠭᠦᠯᠳᠡᠷ ᠪᠠᠶᠢᠬᠤ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠭᠦ ᠭᠤᠷᠪᠠᠨ | ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ 2024 ᠣᠨ ᠳᠤ 270 ᠲᠥᠪᠯᠡᠷᠡᠭᠦᠯᠦᠨ ᠬᠠᠩᠭᠠᠬᠤ ᠢᠨᠵᠧᠨᠧᠷᠢᠩ ᠢ | ᠰᠢᠨ᠎ᠡ ᠪᠠᠷ ᠪᠠᠶᠢᠭᠤᠯᠤᠨ ᠥᠭᠡᠷᠡᠴᠢᠯᠡᠵᠦ ᠳᠡᠭᠡᠭᠰᠢᠯᠡᠭᠦᠯᠦᠨ᠂ 900 ᠲᠠᠷᠠᠬᠠᠢ ᠭᠡᠯᠪᠡᠷᠢ ᠶᠢᠨ ᠤᠰᠤ ᠬᠠᠩᠭᠠᠬᠤ | ᠢᠨᠵᠧᠨᠧᠷᠢᠩ ᠢ ᠰᠢᠨ᠎ᠡ ᠪᠠᠷ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠲᠣᠣᠷ ᠢ ᠪᠠᠬᠢᠵᠢᠭᠦᠯᠦᠨ | ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠵᠦ᠂ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢᠨ ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠮᠤᠷ ᠲᠦᠪᠰᠢᠨ ᠪᠠ | ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ 1000 ᠺᠢᠯᠣᠮᠧᠲᠷ ᠵᠠᠰᠠᠮᠠᠯ ᠵᠠᠮ ᠢ | ᠥᠭᠡᠷᠡᠴᠢᠯᠡᠨ ᠵᠠᠰᠠᠵᠤ᠂ 150 ᠵᠠᠰᠠᠮᠠᠯ ᠵᠠᠮ ᠠᠶᠤᠯᠲᠤ ᠬᠥᠭᠦᠷᠭᠡ ᠶᠢ ᠥᠭᠡᠷᠡᠴᠢᠯᠡᠨ ᠵᠠᠰᠠᠨ᠎ᠠ᠃ ᠮᠠᠯᠵᠢᠬᠤ | ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠭᠦ ᠢᠨᠵᠧᠨᠧᠷᠢᠩ ᠢ | ᠬᠡᠷᠡᠭᠵᠢᠭᠦᠯᠵᠦ᠂ 3419 ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠨ᠎ᠠ᠃ ᠬᠤᠲᠠ ᠶᠢᠨ | ᠶᠠᠪᠤᠳᠠᠯ ᠤᠨ ᠤᠰᠤ ᠬᠠᠩᠭᠠᠬᠤ ᠢᠯᠴᠢ ᠬᠠᠩᠭᠠᠬᠤ ᠬᠤᠭᠤᠯᠠᠢ ᠲᠣᠣᠷ ᠢ ᠬᠤᠲᠠ ᠶᠢᠨ ᠲᠡᠭᠦᠷᠭᠡ ᠶᠢᠨ ᠬᠥᠳᠡᠭᠡ | ᠲᠣᠰᠬᠤᠨ ᠵᠢᠴᠢ ᠬᠡᠪᠴᠢᠶ᠎ᠡ ᠪᠠᠷ ᠨᠡᠯᠢᠶᠡᠳ ᠶᠡᠭᠡ ᠰᠢᠶᠠᠩ ᠪᠠᠯᠭᠠᠰᠤ ᠲᠡᠶᠢᠰᠢ ᠤᠷᠲᠤᠳᠬᠠᠬᠤ ᠶᠢ ᠠᠬᠢᠭᠤᠯᠵᠤ᠂ | ︽ᠨᠡᠭᠦᠷᠡᠰᠦ ᠶᠢ ᠴᠠᠭᠢᠯᠭᠠᠨ ᠪᠣᠯᠭᠠᠨ ᠥᠭᠡᠷᠡᠴᠢᠯᠡᠬᠦ︾ ᠵᠡᠷᠭᠡ ᠴᠡᠪᠡᠷ ᠳᠤᠯᠠᠭᠠᠯᠠᠭ᠎ᠠ ᠶᠢ ᠡᠮᠬᠢ ᠵᠢᠷᠤᠮ ᠲᠠᠢ ᠪᠠᠷ | ᠬᠡᠷᠡᠭᠵᠢᠭᠦᠯᠦᠨ᠎ᠡ᠃ 5G ᠰᠦᠯᠵᠢᠶ᠎ᠡ ᠪᠠ ᠺᠢᠯᠤ᠋ ᠮᠧᠭ᠎ᠠ ᠭᠡᠷᠡᠯᠴᠢ ᠲᠣᠣᠷ ᠢ ᠬᠥᠳᠡᠭᠡ ᠲᠣᠰᠬᠤᠨ ᠲᠡᠶᠢᠰᠢ | ᠤᠷᠲᠤᠳᠬᠠᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠣᠶᠤᠨᠲᠤ ᠷᠠᠳᠢᠣ᠋ ᠲᠧᠯᠸᠢᠰ ᠢᠶᠠᠷ ᠬᠢᠯᠢ ᠬᠢᠵᠠᠭᠠᠷ ᠢ | ᠪᠠᠬᠢᠵᠢᠭᠦᠯᠬᠦ ᠢᠨᠵᠧᠨᠧᠷᠢᠩ ᠢ ᠭᠦᠨᠵᠡᠭᠡᠶᠢᠷᠡᠭᠦᠯᠦᠨ᠎ᠡ᠃ ᠲᠣᠭᠠᠴᠢᠯᠠᠭᠰᠠᠨ ᠲᠠᠷᠢᠶᠠᠯᠠᠩ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠠᠬᠢᠭᠤᠯᠵᠤ᠂ ᠣᠶᠤᠨᠴᠢ ᠮᠠᠯ ᠠᠵᠤ ᠠᠬᠤᠢ | ᠲᠠᠷᠢᠶᠠᠯᠠᠩ ᠤᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠲᠣᠭᠠᠴᠢᠯᠠᠭᠰᠠᠨ ᠬᠥᠳᠡᠭᠡ ᠲᠣᠰᠬᠤᠨ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠷᠢᠨ ᠨᠢᠭᠡ︶ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ | ᠰᠢᠯᠢᠳᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠ ᠴᠢᠬᠤᠯᠠ | ᠪᠦᠬᠦᠢ ᠪᠠᠭ᠎ᠠ ᠬᠡᠪᠴᠢᠶᠡᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠠᠯᠪᠠᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ | ᠬᠥᠭᠵᠢᠭᠦᠯᠦᠨ ᠳᠡᠭᠡᠭᠰᠢᠯᠡᠭᠦᠯᠭᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠰᠢᠶᠠᠨ ᠤ ᠬᠡᠪᠴᠢᠶᠡᠨ ᠤ ᠨᠢᠭᠡ ᠪᠦᠯᠦᠭ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ | ᠰᠢᠯᠢᠨ ᠰᠣᠩᠭᠤᠵᠤ ᠪᠣᠶᠢᠵᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ | ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠡᠮᠴᠢ ᠶᠢᠨ ᠳᠣᠲᠣᠷᠠᠬᠢ ᠠᠵᠢᠯ ᠡᠷᠭᠢᠯᠡᠭᠦ ︵ᠲᠤᠰᠠᠯᠠᠬᠤ︶ ᠶᠡᠭᠡ ᠡᠮᠴᠢ ᠶᠢᠨ | ᠬᠢᠷᠢ ᠭᠡᠮ ᠲᠠᠢ ᠬᠥᠮᠥᠰ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠰᠠᠭᠤᠷᠢ ᠲᠥᠬᠦᠭᠡᠷᠦᠮᠵᠢ ᠶᠢᠨ | ᠨᠥᠬᠦᠴᠡᠯ ᠢ ᠰᠠᠶᠢᠵᠢᠷᠠᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠨᠡᠮᠡᠭᠳᠡᠭᠦᠯᠦᠨ᠎ᠡ᠃ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠭᠦᠳᠡᠨ ᠡᠮᠨᠡᠯᠭᠡ ᠵᠢᠴᠢ ᠡᠮᠨᠡᠯᠭᠡ ᠳᠤ ᠰᠠᠭᠤᠵᠤ | ᠲᠣᠭᠠᠴᠠᠭ᠎ᠠ ᠬᠢᠬᠦ ᠠᠷᠭ᠎ᠠ ᠭᠡᠯᠪᠡᠷᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠰᠦᠪᠡᠭᠴᠢᠯᠡᠵᠦ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ᠂ ᠵᠦᠢ ᠵᠣᠬᠢᠰᠲᠠᠢ ᠬᠡᠲᠦᠷᠡᠭᠰᠡᠨ | ᠵᠠᠷᠤᠯᠭ᠎ᠠ ᠶᠢ ᠬᠤᠪᠢᠳᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ᠂ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠬᠡᠷᠡᠭᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠭᠠᠴᠠᠭ᠎ᠠ ᠲᠣᠰᠬᠤᠨ ᠤ | ᠡᠷᠡᠭᠦᠯ ᠬᠠᠮᠠᠭᠠᠯᠠᠯ ᠤᠨ ᠲᠠᠰᠤᠭ ᠤᠨ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠤᠳᠣᠬᠤ ᠠᠵᠢᠯ ᠢ ᠠᠬᠢᠭᠤᠯᠵᠤ᠂ | ᠨᠥᠬᠦᠴᠡᠯ ᠳᠤ ᠨᠡᠶᠢᠴᠡᠬᠦ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠨᠡᠯᠭᠡ ᠶᠢᠨ ᠳᠠᠭᠠᠳᠬᠠᠯ ᠤᠨ | ᠴᠡᠭ ᠲᠣᠭᠲᠠᠭᠠᠨ ᠬᠠᠮᠢᠶᠠᠷᠬᠤ ᠳᠤ ᠠᠯᠬᠤᠮ ᠠᠯᠬᠤᠮ ᠢᠶᠠᠷ ᠣᠷᠣᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ 170 ᠰᠤᠮᠤ ᠰᠢᠶᠠᠩ ᠪᠠᠯᠭᠠᠰᠤ ᠶᠢᠨ ᠣᠷᠣᠨ | ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ᠂ 1500 ᠲᠣᠰᠬᠤᠨ ᠤ ᠱᠠᠲᠤᠨ ᠤ ᠨᠠᠰᠤᠵᠢᠯ ᠤᠨ | ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ 200 ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠲᠤ ᠬᠦᠷᠢᠶᠡᠯᠡᠩ ᠢ | ᠥᠷᠭᠡᠳᠬᠡᠨ ᠳᠡᠭᠡᠭᠰᠢᠯᠡᠭᠦᠯᠦᠨ᠎ᠡ᠃ ᠣᠨᠴᠠ ᠬᠦᠴᠢᠷᠳᠡᠯᠲᠡᠢ ᠨᠠᠰᠤᠲᠠᠶᠢᠴᠤᠳ ᠢ ᠡᠷᠭᠢᠨ ᠦᠵᠡᠵᠦ ᠬᠠᠯᠠᠮᠵᠢᠯᠠᠨ | ᠬᠠᠶᠢᠷᠠᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ | ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ | ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ | ᠠᠵᠢᠯᠯᠠᠭ᠎ᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ | ᠪᠣᠯᠪᠠᠰᠤᠷᠠᠯ ᠪᠠ ᠰᠠᠭᠠᠳ ᠦᠭᠡᠢ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ | ᠲᠣᠰᠬᠤᠨ ᠤ ᠨᠡᠷᠡᠲᠦ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠭᠠᠵᠠᠷ ᠤᠨ ᠨᠡᠷ᠎ᠡ ᠶᠢᠨ ᠰᠣᠶᠣᠯ ᠢ | ᠠᠭᠤᠳᠠᠯᠤᠨ ᠬᠠᠮᠠᠭᠠᠯᠠᠨ᠎ᠠ᠃ ᠠᠮᠤ ᠪᠤᠳᠠᠭᠠᠨ ᠤ ᠤᠨᠠᠯᠲᠠ ᠶᠡᠬᠡᠲᠡᠢ ᠰᠢᠶᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠰᠤᠷᠭᠠᠨ ᠬᠥᠮᠦᠵᠢᠯ᠂ ᠡᠮ ᠡᠮᠨᠡᠯᠭᠡ | ᠡᠷᠡᠭᠦᠯ ᠬᠠᠮᠠᠭᠠᠯᠠᠯ᠂ ︽ᠨᠠᠰᠤᠲᠠᠶᠢᠴᠤᠳ ᠪᠠᠭᠠᠴᠤᠳ︾ ᠵᠡᠷᠭᠡ ᠥᠨᠳᠥᠷ ᠳᠠᠪᠲᠠᠮᠵᠢᠲᠤ ᠦᠢᠯᠡᠴᠢᠯᠡᠭᠡᠨ ᠤ ᠳᠤᠲᠠᠭᠤᠳᠠᠯ | ᠪᠠ ᠪᠠᠭᠤᠷᠠᠢ ᠲᠠᠯ᠎ᠠ ᠶᠢ ᠨᠥᠬᠦᠪᠦᠷᠢᠯᠡᠨ᠎ᠡ᠃ | ︵ᠬᠤᠷᠢᠨ ᠬᠤᠶᠠᠷ︶ ᠰᠢᠶᠠᠨ ᠤ ᠬᠡᠪᠴᠢᠶᠡᠨ ᠤ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ | ᠠᠬᠢᠭᠤᠯᠤᠨ᠎ᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ | ᠳᠠᠭᠠᠭᠠᠬᠤ ᠴᠢᠳᠠᠪᠤᠷᠢ ᠪᠠ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠰᠢᠶᠠᠨ ᠬᠥᠳᠡᠭᠡ ᠲᠣᠰᠬᠤᠨ ᠤ | ᠴᠢᠳᠠᠮᠵᠢ ᠶᠢ ᠵᠣᠯᠭᠠᠭᠤᠯᠵᠤ ᠬᠠᠷᠢᠯᠴᠠᠨ ᠨᠥᠬᠦᠪᠦᠷᠢᠯᠡᠬᠦ᠂ ᠡᠬᠢ ᠪᠠᠶᠠᠯᠢᠭ ᠤᠨ ᠬᠦᠴᠦᠨ ᠵᠦᠢᠯ ᠢ ᠰᠢᠯᠢᠳᠡᠭᠵᠢᠭᠦᠯᠦᠨ | ᠲᠣᠬᠢᠷᠠᠭᠤᠯᠬᠤ ᠶᠢ ᠠᠬᠢᠭᠤᠯᠤᠨ᠎ᠠ᠃ ᠪᠦᠯᠦᠭᠯᠡᠯᠵᠢᠭᠰᠡᠨ ᠰᠤᠷᠭᠠᠭᠤᠯᠢ ᠡᠷᠭᠢᠯᠡᠭᠦ ᠠᠵᠢᠯᠯᠠᠭᠠᠨ ᠤ ᠲᠣᠭᠲᠠᠴᠠ ᠶᠢ | ᠪᠦᠷᠢᠨᠰᠢᠭᠦᠯᠵᠦ᠂ ᠬᠤᠲᠠ ᠬᠥᠳᠡᠭᠡ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠨᠢᠭᠲᠠ ᠭᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠬᠢᠨᠠᠨ ᠬᠡᠮᠵᠢᠵᠦ ᠦᠨᠡᠯᠡᠬᠦ ᠶᠢ ᠦᠷᠭᠦᠯᠵᠢᠯᠡᠨ ᠥᠷᠨᠢᠭᠦᠯᠦᠨ᠎ᠡ᠃ ᠰᠢᠶᠠᠨ ᠤ ᠬᠡᠪᠴᠢᠶᠡᠨ ᠤ ᠬᠥᠯᠥᠰᠦᠨ | ᠮᠠᠯᠴᠢᠨ ᠲᠠᠷᠢᠶᠠᠴᠢᠳ ᠢ ᠬᠤᠲᠠ ᠶᠢᠨ ᠠᠷᠠᠳ ᠪᠤᠯᠭᠠᠬᠤ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠬᠥᠯᠥᠰᠦᠨ ᠮᠠᠯᠴᠢᠨ ᠲᠠᠷᠢᠶᠠᠴᠢᠨ ᠵᠡᠷᠭᠡ ᠬᠥᠮᠥᠰ ᠤᠨ ᠳᠠᠭᠠᠳᠬᠠᠯ ᠳᠤ ᠣᠷᠤᠯᠴᠠᠬᠤ | ᠬᠡᠪᠴᠢᠶ᠎ᠡ ᠶᠢ ᠥᠷᠭᠡᠳᠬᠡᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠣᠨᠤᠴᠠᠵᠢᠬᠰᠠᠨ ᠲᠦᠪᠰᠢᠨ ᠢ | ᠳᠡᠭᠡᠭᠰᠢᠯᠡᠭᠦᠯᠵᠦ᠂ ᠣᠯᠠᠨ ᠲᠦᠮᠡᠨ ᠲᠠᠢ ᠨᠢᠭᠲᠠ ᠬᠤᠯᠪᠤᠭ᠎ᠠ ᠲᠠᠢ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ | ᠵᠡᠷᠭᠡ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠭᠠᠴᠠᠭ᠎ᠠ ᠲᠣᠰᠬᠤᠨ ᠳᠤ ᠪᠠᠭᠤᠯᠭᠠᠨ᠎ᠠ᠃ | ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠪᠠᠲᠤᠯᠠᠭ᠎ᠠ ᠶᠢᠨ ᠬᠡᠪᠴᠢᠶ᠎ᠡ ᠶᠢ ᠲᠣᠭᠲᠠᠪᠤᠷᠢᠲᠠᠢ ᠠᠵᠢᠯ ᠣᠯᠣᠭᠰᠠᠨ ᠭᠠᠳᠠᠷ ᠣᠷᠣᠨ ᠠᠴᠠ ᠢᠷᠡᠵᠦ | ᠬᠥᠯᠥᠰᠦᠨ ᠠᠵᠢᠯ ᠬᠢᠭᠰᠡᠳ ᠲᠤ ᠭᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠨ᠎ᠡ᠃ | ᠵᠢᠷᠭᠤᠭ᠎ᠠ᠂ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠦᠷᠭᠡᠳᠬᠡᠨ ᠳᠡᠭᠡᠭᠰᠢᠯᠡᠭᠦᠯᠦᠨ᠎ᠡ | ︵ᠬᠤᠷᠢᠨ ᠭᠤᠷᠪᠠ︶ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠎ᠠ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ | ᠪᠠᠷᠢᠮᠲᠠᠯᠠᠵᠤ᠂ ᠬᠤᠰᠢᠭᠤ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠰᠢᠶᠠᠩ ᠢ ᠠᠳᠬᠤᠵᠤ ᠲᠣᠰᠬᠤᠨ ᠢ | ᠠᠬᠢᠭᠤᠯᠬᠤ ᠬᠠᠷᠢᠭᠤᠴᠠᠯᠭ᠎ᠠ ᠶᠢ ᠴᠢᠩᠭᠠᠳᠬᠠᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤ ᠬᠤᠯᠪᠤᠭᠠᠯᠠᠨ | ᠬᠥᠳᠡᠯᠦᠯᠴᠡᠵᠦ ᠲᠡᠷᠢᠭᠦᠨ ᠤ ᠬᠢ ᠪᠤᠯᠬᠤ ᠪᠠᠷ ᠴᠢᠷᠮᠠᠶᠢᠬᠤ᠂ ᠬᠤᠴᠤᠷᠤᠩᠭᠤᠢ ᠲᠣᠭᠲᠠᠴᠠ ᠶᠢ ᠴᠡᠭᠴᠡᠯᠡᠬᠦ ᠶᠢ | ᠪᠦᠷᠢᠨᠰᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ | ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠦᠨᠡᠨ ᠬᠦ ᠴᠢᠩᠭᠠᠷᠠᠭᠤᠯᠤᠨ᠎ᠠ᠃ ︽ᠮᠢᠩᠭᠠᠨ ᠲᠤᠰᠬᠤᠨ ᠢᠶᠠᠷ ᠵᠢᠱᠢᠶ᠎ᠡ | ᠦᠵᠡᠭᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ︾ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ | ᠬᠡᠷᠡᠭᠯᠡᠬᠦ ᠶᠢᠨ ᠲᠣᠭᠤᠷᠢᠨ ᠳᠤ᠂ ᠰᠤᠮᠤ ᠰᠢᠶᠠᠩ ᠪᠠᠯᠭᠠᠰᠤ ᠶᠢᠨ ᠨᠠᠮ ᠵᠠᠰᠠᠭ ᠤᠨ ᠵᠢᠩᠬᠢᠨᠢ ᠲᠤᠰᠢᠶᠠᠯᠲᠠᠨ ᠢ ᠪᠦᠭᠦᠨ ᠢ | ᠬᠠᠮᠤᠷᠬᠤ ᠪᠣᠯᠪᠠᠰᠤᠷᠠᠯ ᠪᠠ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠭᠡᠰᠢᠭᠦᠨ ᠢ ᠨᠠᠮ ᠤᠨ ᠰᠤᠷᠭᠠᠭᠤᠯᠢ ᠳᠤ | ᠣᠷᠣᠭᠤᠯᠵᠤ ᠲᠥᠪᠯᠡᠷᠡᠭᠦᠯᠦᠨ ᠡᠭᠡᠯᠵᠢᠯᠡᠨ ᠪᠤᠯᠪᠠᠰᠤᠷᠠᠭᠤᠯᠬᠤ ᠶᠢ ᠥᠷᠨᠢᠭᠦᠯᠦᠨ᠎ᠡ᠃ ᠲᠣᠰᠬᠤᠨ ᠤ ᠱᠠᠲᠤᠨ ᠤ ᠬᠡᠷᠡᠭ | ᠵᠥᠪᠳᠡᠯᠴᠡᠬᠦ ᠭᠠᠷᠴᠠᠭ ᠲᠣᠭᠲᠠᠭᠠᠵᠤ᠂ ᠬᠡᠷᠡᠭ ᠵᠥᠪᠳᠡᠯᠴᠡᠬᠦ ᠲᠠᠪᠴᠠᠩ ᠢ ᠪᠦᠷᠢᠨᠰᠢᠭᠦᠯᠦᠨ᠎ᠡ᠃︽ᠥᠷᠢᠰᠦᠯᠳᠦᠨ | ᠮᠥᠷᠥᠶᠢᠴᠡᠵᠦ ᠤᠳᠤᠨ ᠪᠤᠯᠬᠤ︾ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠭᠠᠴᠠᠭ᠎ᠠ ᠲᠣᠰᠬᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠪᠣᠶᠢᠵᠢᠭᠤᠯᠤᠨ ᠨᠥᠭᠡᠴᠡᠯᠡᠬᠦ ᠭᠤᠷᠪᠠᠨ ᠵᠢᠯ ᠤᠨ | ᠠᠵᠢᠯᠯᠠᠭ᠎ᠠ ᠶᠢ ᠬᠡᠷᠡᠭᠵᠢᠭᠦᠯᠦᠨ᠎ᠡ᠃ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ | ᠠᠩᠭᠢ ᠶᠢᠨ ᠭᠡᠰᠢᠭᠦᠳ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ | ᠡᠳᠦᠷ ᠲᠤᠲᠤᠮ ᠤᠨ ᠬᠠᠮᠢᠶᠠᠷᠤᠯᠲᠠ᠂ ᠪᠣᠯᠪᠠᠰᠤᠷᠠᠭᠤᠯᠤᠨ ᠵᠢᠯᠤᠭᠤᠳᠬᠤ᠂ ᠬᠠᠯᠠᠮᠵᠢᠯᠠᠨ ᠬᠠᠶᠢᠷᠠᠯᠠᠬᠤ ᠶᠢ | ᠴᠢᠩᠭᠠᠳᠬᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠦᠨ᠎ᠡ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ | ᠲᠣᠣᠷᠵᠢᠭᠤᠯᠤᠬᠰᠠᠨ ᠵᠠᠰᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠪᠢᠴᠢᠯ ᠵᠠᠰᠠᠯᠲᠠ᠂ ᠬᠤᠪᠢ ᠬᠤᠷᠠᠮᠳᠤᠭᠤᠯᠬᠤ | ᠳᠦᠷᠢᠮ ᠵᠡᠷᠭᠡ ᠵᠠᠰᠠᠯᠲᠠ ᠶᠢᠨ ᠠᠷᠭ᠎ᠠ ᠭᠡᠯᠪᠡᠷᠢ ᠶᠢ ᠶᠡᠭᠡ ᠪᠠᠷ ᠳᠡᠯᠭᠡᠷᠡᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ | ᠵᠢᠷᠤᠮᠵᠢᠭᠤᠯᠵᠤ᠂ ᠬᠤᠰᠢᠭᠤ ᠰᠢᠶᠠᠨ︵ᠬᠤᠲᠠ᠂ ᠲᠣᠭᠤᠷᠢᠭ︶ ᠤ ᠰᠠᠯᠠᠭ᠎ᠠ ᠮᠥᠴᠢᠷ ᠤᠨ ᠲᠣᠮᠢᠯᠠᠨ ᠰᠠᠭᠤᠯᠭᠠᠬᠤ | ᠪᠠᠶᠢᠭᠤᠯᠤᠮᠵᠢ ᠶᠢᠨ ᠠᠵᠢᠯᠲᠠᠨ ᠢ ᠰᠤᠮᠤ ᠰᠢᠶᠠᠩ ᠪᠠᠯᠭᠠᠰᠤ︵ᠵᠡᠭᠡᠯᠢ ᠭᠤᠳᠤᠮᠵᠢ︶ ᠳᠤ ᠣᠷᠣᠭᠤᠯᠤᠨ ᠨᠢᠭᠡᠳᠦᠯᠲᠡᠢ | ᠵᠢᠯᠤᠭᠤᠳᠴᠤ ᠵᠣᠬᠢᠴᠠᠭᠤᠯᠤᠨ᠎ᠠ᠃ ︽ᠵᠡᠭᠡᠯᠢ ᠰᠢᠶᠠᠩ ᠢᠶᠠᠷ ᠳᠠᠭᠠᠭᠤᠯᠤᠭᠴᠢ ᠪᠤᠯᠭᠠᠵᠤ᠂ ᠰᠠᠯᠠᠭ᠎ᠠ ᠮᠥᠴᠢᠷ ᠴᠠᠭ | ᠲᠤᠬᠠᠢ ᠳᠤᠨᠢ ᠣᠷᠤᠯᠴᠠᠬᠤ︾ ᠵᠡᠷᠭᠡ ᠪᠦᠲᠦᠮᠵᠢᠲᠡᠶ ᠠᠷᠭ᠎ᠠ ᠬᠢᠳᠡᠯ ᠢ ᠳᠡᠯᠭᠡᠷᠡᠭᠦᠯᠵᠦ᠂ ᠰᠤᠮᠤ ᠰᠢᠶᠠᠩ ᠪᠠᠯᠭᠠᠰᠤ | ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠶᠢ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂︽ᠶᠡᠭᠡ ᠲᠡᠷᠭᠡᠨ | ᠳᠤ ᠤᠨᠠᠭ᠎ᠠ ᠬᠥᠯᠬᠦ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠤᠨ᠎ᠠ᠃ ᠡᠬᠢ ᠡᠭᠦᠰᠦᠯ ᠠᠴᠠ ᠨᠢ ᠵᠠᠰᠠᠬᠤ ᠪᠠ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ | ᠥᠷᠭᠡᠳᠬᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠨᠤᠭᠤᠳ ᠡᠩ ᠤᠨ ᠪᠠᠶᠢᠳᠠᠯ ᠳᠤ | ᠰᠤᠮᠤ ᠰᠢᠶᠠᠩ ᠪᠠᠯᠭᠠᠰᠤ ᠠᠴᠠ ᠠᠵᠢᠯᠲᠠᠨ ᠵᠢᠭᠡᠯᠡᠨ ᠰᠢᠯᠵᠢᠭᠦᠯᠵᠦ ᠪᠤᠯᠬᠤ ᠦᠭᠡᠢ᠃ | ︵ᠬᠤᠷᠢᠨ ᠳᠥᠷᠪᠡ︶ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ | ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ︽ᠵᠢᠷᠭᠤᠭᠠᠨ ᠥᠭᠦᠯᠡᠪᠦᠷᠢ ᠳᠠᠬᠢ ᠪᠣᠳᠠᠲᠤ ᠶᠠᠪᠤᠳᠠᠯ ᠪᠠ ᠶᠣᠰᠣ ᠤᠴᠢᠷ | ︾ ᠢ ᠶᠡᠭᠡ ᠪᠠᠷ ᠤᠬᠠᠭᠤᠯᠤᠨ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠠᠨᠠᠷ ᠤᠨ ᠦᠷ᠎ᠡ | ᠰᠢᠭ ᠨᠢᠭᠲᠠᠷᠠᠨ ᠪᠦᠯᠬᠦᠮᠳᠡᠭᠦᠯᠦᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ | ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ᠂ ᠴᠢᠨᠠᠷ ᠰᠠᠶᠢᠲᠠᠢ ᠰᠣᠶᠣᠯ ᠤᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠲᠡᠶᠢᠰᠢ | ᠤᠷᠲᠤᠳᠬᠠᠬᠤ ᠶᠢ ᠠᠬᠢᠭᠤᠯᠤᠨ᠎ᠠ᠃ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ | ᠥᠷᠨᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ | ᠴᠢᠩᠭᠠᠷᠠᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ | ᠳᠡᠯᠭᠡᠷᠡᠭᠦᠯᠦᠨ ᠬᠡᠷᠡᠭᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠪᠣᠳᠠᠰ ᠤᠨ ᠪᠤᠰᠤ ᠰᠣᠶᠣᠯ ᠤᠨ ᠥᠪ ᠤᠨ | ᠣᠨᠴᠠᠯᠢᠭᠲᠤ ᠲᠣᠰᠬᠤᠨ ᠪᠠᠯᠭᠠᠰᠤ᠂ ᠣᠨᠴᠠᠯᠢᠭᠲᠤ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ | ᠬᠡᠷᠡᠭᠵᠢᠭᠦᠯᠦᠨ᠎ᠡ᠃ ᠣᠯᠠᠨ ᠲᠦᠮᠡᠨᠴᠢ ᠴᠢᠨᠠᠷᠲᠠᠢ ᠰᠣᠶᠣᠯ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠤᠯᠠᠭᠠᠨᠮᠥ᠋ᠴᠢᠷ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠂ ᠬᠥᠳᠡᠭᠡ ᠲᠣᠰᠬᠤᠨ ᠤ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠯ ᠢ ᠴᠢᠩᠭᠠᠳᠬᠠᠨ᠎ᠠ᠃ | ︵ᠬᠤᠷᠢᠨ ᠲᠠᠪᠤ︶ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠬᠡᠪ ᠵᠠᠩᠰᠢᠯ ᠢ ᠥᠭᠡᠷᠡᠴᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠠᠭᠤᠳᠠᠯᠤᠨ | ᠳᠡᠯᠭᠡᠷᠡᠭᠦᠯᠵᠦ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠬᠤᠷᠢᠮ | ᠨᠠᠶᠢᠷ ᠢ ᠰᠢᠨ᠎ᠡ ᠮᠠᠶ᠋ᠢᠭ ᠢᠶᠠᠷ ᠡᠷᠭᠢᠯᠡᠭᠦ᠂ ᠣᠷᠣᠰᠢᠭᠤᠯᠭ᠎ᠠ ᠶᠢ ᠳᠥᠭᠦᠮᠴᠢᠯᠡᠬᠦ᠂ ᠨᠠᠰᠤᠲᠠᠨ ᠢᠶᠠᠨ ᠠᠴᠢᠯᠠᠵᠤ ᠲᠥᠷᠥᠯ | ᠰᠠᠳᠤᠨ ᠢᠶᠠᠨ ᠬᠦᠨᠳᠦᠯᠡᠬᠦ᠂ ᠦᠨᠡᠨᠴᠢ ᠢᠲᠡᠭᠡᠮᠵᠢᠲᠡᠢ ᠡᠶ᠎ᠡ ᠨᠠᠶᠢᠷᠲᠠᠢ ᠪᠠᠶᠢᠬᠤ ᠵᠡᠷᠭᠡ ᠪᠣᠯᠪᠠᠰᠤᠨ ᠰᠢᠨ᠎ᠡ ᠰᠤᠷᠲᠠᠯ ᠢ | ᠶᠡᠭᠡ ᠪᠠᠷ ᠪᠠᠳᠠᠷᠠᠭᠤᠯᠵᠤ᠂ ᠡᠯ᠎ᠡ ᠭᠠᠵᠠᠷ ᠤᠨ ᠬᠢᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠢᠨᠠᠷᠲᠠᠢ | ᠦᠢᠯᠡᠴᠢᠯᠡᠭᠡᠨ ᠤ ᠲᠠᠯᠠᠪᠤᠷ ᠭᠠᠵᠠᠷ ᠢ ᠠᠰᠢᠭᠯᠠᠨ᠂ ᠮᠠᠯᠴᠢᠨ ᠲᠠᠷᠢᠶᠠᠴᠢᠨ ᠤ ᠬᠤᠷᠢᠮ ᠪᠡᠯᠪᠡᠰᠦᠷᠡᠯ ᠵᠡᠷᠭᠡ ᠳᠤ | ᠲᠦᠭᠡᠮᠡᠯ ᠬᠠᠷᠠᠭᠠᠯᠵᠠᠯ ᠤᠨ ᠴᠢᠨᠠᠷᠲᠠᠢ ᠨᠡᠶᠢᠭᠡᠮ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠨᠠᠶᠢᠷ ᠲᠠᠯ᠎ᠠ | ᠶᠣᠰᠣ ᠵᠠᠩᠰᠢᠯ ᠤᠨ ᠳᠠᠷᠤᠭᠠᠰᠤ ᠶᠢ ᠨᠢ ᠬᠥᠩᠭᠡᠷᠡᠭᠦᠯᠦᠨ᠎ᠡ᠃ ︽ᠨᠢᠭᠡ ᠭᠡᠷ᠎ᠡ ᠳᠥᠷᠪᠡᠨ ᠵᠥᠪᠯᠡᠯ︾ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠬᠤᠷᠢᠮ ᠪᠡᠯᠪᠡᠰᠦᠷᠡᠯ ᠤᠨ ᠵᠠᠩ ᠦᠶᠯᠡ ᠶᠢᠨ ᠬᠢᠵᠠᠭᠠᠷᠯᠠᠬᠤ ᠴᠢᠨᠠᠷᠲᠠᠢ ᠵᠢᠷᠤᠮᠵᠢᠯ ᠪᠠ | ᠰᠠᠨᠠᠭᠠᠴᠢᠯᠠᠬᠤ ᠴᠢᠨᠠᠷᠲᠠᠢ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ | ︵ᠬᠤᠷᠢᠨ ᠵᠢᠷᠭᠤᠭ᠎ᠠ︶ᠠᠮᠤᠷ ᠠᠮᠤᠭᠤᠯᠠᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠵᠥᠷᠢᠴᠡᠯ ᠵᠠᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠵᠠᠬᠢᠳᠠᠯ | ᠰᠤᠷᠪᠤᠯᠵᠢᠯᠠᠯ ᠢ ᠣᠷᠣᠯᠠᠨ ᠰᠢᠢᠳᠪᠦᠷᠢᠯᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ᠵᠥᠷᠢᠴᠡᠯ | ᠵᠠᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠣᠭᠲᠠᠴᠠ ᠶᠢ ᠪᠦᠷᠢᠨᠰᠢᠭᠦᠯᠵᠦ᠂ | ︽ᠲᠣᠰᠬᠤᠨ ᠤ ᠡᠵᠡᠷᠬᠡᠭᠴᠢ︾᠂ ᠣᠪᠣᠭ ᠲᠥᠷᠥᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠵᠢᠴᠢ ᠲᠡᠭᠦᠨ ᠤ | ︽ᠬᠠᠮᠠᠭᠠᠯᠠᠭᠴᠢ︾ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠵᠣᠭᠤᠰ ᠨᠠᠭᠠᠳᠬᠤ᠂ ᠴᠠᠭᠢᠯᠭᠠᠨ ᠬᠤᠯᠪᠤᠭ᠎ᠠ | ᠰᠦᠯᠵᠢᠶᠡᠨ ᠤ ᠮᠡᠬᠡᠯᠡᠯ ᠬᠢᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠢᠩᠭ᠎ᠠ ᠴᠣᠬᠢᠯᠲᠠ ᠥᠭᠭᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ᠂ ᠰᠢᠲᠠᠮᠠᠬᠠᠢ ᠬᠡᠢ᠂ ᠭᠠᠯ | ᠰᠡᠷᠭᠡᠶᠢᠯᠡᠬᠦ ᠭᠠᠯ ᠤᠨᠲᠠᠷᠠᠭᠠᠬᠤ᠂ ᠵᠢᠭᠠᠰᠤᠨ ᠣᠩᠭᠤᠴᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ | ᠲᠦᠪᠰᠢᠨ ᠤ ᠭᠡᠮ ᠰᠣᠭᠤᠭ ᠢ ᠵᠠᠰᠠᠬᠤ ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ | ᠦᠷ᠎ᠡ ᠪᠦᠲᠦᠭᠡᠯ ᠢᠶᠠᠨ ᠪᠠᠬᠢᠵᠢᠭᠦᠯᠵᠦ᠂ ᠦᠢᠯᠡᠳᠪᠦᠷᠢᠯᠡᠵᠦ ᠡᠵᠡᠩᠨᠡᠬᠦ ᠳᠤ ᠬᠡᠷᠡᠭᠯᠡᠬᠦ ᠲᠣᠰᠬᠤᠨ ᠤ ᠠᠷᠠᠳ ᠤᠨ ᠭᠡᠷ | ᠪᠠᠶᠢᠰᠢᠩ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠴᠡᠭᠴᠡᠯᠡᠨ ᠵᠠᠰᠠᠬᠤ ᠶᠢ ᠴᠢᠩᠭᠠᠳᠬᠠᠨ᠂ ᠰᠤᠮᠤ | ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠪᠣᠯᠣᠨ ᠭᠠᠯ | ᠤᠨᠲᠠᠷᠠᠭᠠᠵᠤ ᠠᠶᠤᠯ ᠠᠴᠠ ᠬᠠᠮᠠᠭᠠᠯᠠᠬᠤ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠬᠠᠤᠯᠢᠵᠢᠯ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠮᠠᠯᠴᠢᠨ ᠲᠠᠷᠢᠶᠠᠴᠢᠨ ᠤ ᠬᠠᠤᠯᠢᠵᠢᠯ ᠤᠨ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠭᠰᠡᠨ ᠵᠢᠱᠢᠶ᠎ᠡ ᠦᠵᠡᠭᠦᠯᠭᠦ | ᠡᠷᠦᠭᠡ ᠶᠢ ᠶᠡᠭᠡ ᠪᠠᠷ ᠰᠣᠩᠭᠤᠨ ᠪᠤᠶ ᠪᠣᠯᠭᠠᠨ᠎ᠠ᠃ | ᠳᠣᠯᠤᠭ᠎ᠠ᠂ ᠨᠠᠮ ᠤᠨ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ᠤ | ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ | ︵ᠬᠤᠷᠢᠨ ᠳᠣᠯᠤᠭ᠎ᠠ︶ ᠨᠠᠮ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠤᠳᠤᠷᠢᠳᠬᠤ ᠪᠠᠶᠢᠭᠤᠯᠤᠮᠵᠢ | ᠲᠣᠭᠲᠠᠴᠠ ᠶᠢ ᠪᠦᠷᠢᠨᠰᠢᠭᠦᠯᠦᠨ᠎ᠡ᠃ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠠᠳᠬᠤᠬᠤ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠦᠵᠡᠯ ᠰᠠᠨᠠᠭᠠᠨ ᠤ ᠠᠤᠭ᠎ᠠ ᠬᠦᠴᠦᠨ ᠢ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠨ | ᠲᠠᠰᠤᠷᠠᠯᠲᠠ ᠦᠭᠡᠢ ᠣᠨᠳᠣᠣᠰᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠣᠳᠠᠲᠠᠢ ᠠᠵᠢᠯᠯᠠᠬᠤ ᠠᠷᠭ᠎ᠠ | ᠪᠠᠷᠢᠯ ᠪᠣᠯᠭᠠᠨ ᠣᠨᠳᠣᠣᠰᠢᠭᠤᠯᠤᠨᠠ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ | ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠂ ᠮᠠᠯ ᠠᠵᠤ ᠠᠬᠤᠢ ᠲᠠᠷᠢᠶᠠᠯᠠᠩ ᠤᠨ | ᠬᠦᠷᠢᠶᠡᠨ ᠳᠠᠬᠢ ︽ᠵᠠᠭᠤᠨ ᠠᠰᠠᠭᠤᠳᠠᠯ᠂ ᠵᠠᠭᠤᠨ ᠠᠷᠭ᠎ᠠ ᠬᠡᠮᠵᠢᠶ᠎ᠡ᠂ ᠵᠠᠭᠤᠨ ᠬᠡᠷᠡᠭ ᠤᠨ ᠵᠢᠱᠢᠶ᠎ᠡ︾ ᠶᠢ ᠡᠮᠬᠢᠯᠡᠨ | ᠪᠦᠷᠢᠯᠳᠦᠭᠦᠯᠵᠦ᠂ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠤᠨ᠎ᠠ᠃ ᠨᠠᠮ ᠤᠨ ᠪᠠᠶᠢᠭᠤᠯᠤᠯᠲᠠ ᠶᠢ ᠠᠳᠬᠤᠵᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠠᠶᠢᠮᠠᠭ ᠬᠤᠲᠠ᠂ ᠬᠤᠰᠢᠭᠤ ᠰᠢᠶᠠᠨ᠂ | ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠵᠥᠪᠯᠡᠨ ᠲᠣᠭᠲᠠᠭᠠᠬᠤ ᠶᠢ ᠠᠳᠬᠤᠬᠤ ᠳᠤ ᠵᠠᠪᠠᠯ ᠲᠣᠭᠠᠴᠢᠬᠤ | ᠵᠠᠪᠠᠯ ᠰᠢᠯᠭᠠᠬᠤ ᠠᠭᠤᠯᠭ᠎ᠠ ᠪᠤᠯᠭᠠᠵᠤ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠤᠭᠰᠠᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠥᠯᠢᠭᠡᠷ ᠢ ᠰᠠᠶᠢᠲᠤᠷ ᠶᠠᠷᠢᠨ᠎ᠠ᠃ | ︵ᠬᠤᠷᠢᠨ ᠨᠠᠢᠮᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠯᠠᠨ ᠡᠰᠢᠵᠢᠭᠰᠡᠨ | ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ | ᠣᠷᠣᠨ ᠢ ᠡᠩ ᠤᠨ ᠣᠯᠠᠨ ᠨᠡᠶᠢᠲᠡ ᠶᠢᠨ ᠲᠥᠰᠥᠪ ᠤᠨ ᠤᠷᠢᠳ ᠢᠶᠠᠷ ᠪᠠᠲᠤᠯᠠᠬᠤ ᠬᠦᠷᠢᠶ᠎ᠡ ᠴᠠᠷᠠᠭ᠎ᠠ ᠪᠤᠯᠭᠠᠬᠤ ᠶᠢ | ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠪᠡᠯᠡ ᠬᠤᠷᠠᠮᠳᠤᠭᠤᠯᠬᠤ | ᠲᠣᠭᠲᠠᠴᠠ ᠶᠢᠨ ᠰᠢᠨ᠎ᠡ ᠶᠢ ᠡᠭᠦᠳᠴᠦ᠂ ᠪᠡᠯᠡ ᠣᠷᠣᠭᠤᠯᠤᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠠᠷᠠᠯᠲᠠ ᠡᠭᠦᠷᠭᠡ ᠶᠢᠨ ᠬᠠᠷᠢᠯᠴᠠᠨ ᠵᠣᠬᠢᠴᠠᠯᠳᠤᠬᠤ ᠶᠢ ᠦᠨᠡᠨ ᠬᠦ ᠪᠠᠲᠤᠯᠠᠨ᠎ᠠ᠃ ᠪᠦᠭᠦ ᠣᠷᠣᠨ ᠤ | ᠭᠠᠵᠠᠷ ᠰᠢᠷᠣᠢ ᠶᠢ ᠬᠢᠮᠳᠠ ᠪᠠᠷ ᠬᠤᠳᠠᠯᠳᠤᠭᠰᠠᠨ ᠣᠷᠣᠯᠭ᠎ᠠ ᠶᠢᠨ ᠮᠠᠯ ᠠᠵᠤ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠳᠤ ᠬᠡᠷᠡᠭᠯᠡᠬᠦ ᠬᠠᠷᠢᠴᠠᠯ ᠢ ᠶᠡᠷᠦᠩᠬᠡᠢ ᠳᠡᠭᠡᠨ 9% ᠳᠤ ᠬᠦᠷᠦᠭᠦᠯᠦᠨ᠎ᠡ᠃ ᠬᠥᠬᠡ ᠳᠠᠷᠤᠰᠢ ᠶᠢᠨ | ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠳᠠᠭᠠᠭᠠᠴᠢᠯᠠᠭᠰᠠᠨ ᠭᠠᠵᠠᠷ ᠰᠢᠷᠣᠢ ︵ᠬᠠᠳᠤᠯᠠᠩ ᠪᠡᠯᠴᠢᠭᠡᠷ︶ ᠶᠢᠨ ᠡᠵᠡᠩᠨᠡᠬᠦ ᠡᠷᠬᠡ᠂ ᠮᠠᠯ ᠠᠵᠤ ᠠᠬᠤᠢ | ᠲᠠᠷᠢᠶᠠᠯᠠᠩ ᠤᠨ ᠲᠥᠬᠦᠭᠡᠷᠦᠮᠵᠢ᠂ ᠠᠮᠢᠳᠤ ᠮᠠᠯ ᠵᠡᠷᠭᠡ ᠶᠢ ᠪᠠᠷᠢᠴᠠᠭᠠᠯᠠᠨ ᠳᠠᠨᠵᠢᠯᠠᠬᠤ ᠵᠢᠭᠡᠯᠡᠯᠭᠡ ᠶᠢᠨ ᠲᠤᠬᠠᠶᠢᠯᠠᠭᠰᠠᠨ | ᠠᠵᠢᠯ ᠢ ᠳᠡᠯᠭᠡᠷᠡᠭᠦᠯᠦᠨ᠎ᠡ᠃ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ︾ ᠶᠢᠨ ᠵᠠᠭᠪᠤᠷ ᠢ | ᠳᠡᠯᠭᠡᠷᠡᠭᠦᠯᠵᠦ᠂ ᠭᠠᠴᠠᠭ᠎ᠠ ᠲᠣᠰᠬᠤᠨ ᠳᠤ ᠪᠦᠷᠢᠨ ᠪᠦᠷᠬᠦᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ ᠲᠣᠮᠣ ᠳᠤᠮᠳᠠ | ᠭᠡᠯᠪᠡᠷᠢ ᠶᠢᠨ ᠪᠠᠩᠬᠢ ᠶᠢᠨ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠲᠠᠷᠢᠶᠠᠯᠠᠩ ᠳᠤ ᠬᠤᠯᠪᠣᠭᠳᠠᠬᠤ ᠢᠲᠡᠭᠡᠮᠵᠢᠲᠦ | ᠵᠢᠭᠡᠯᠡᠯᠭᠡ ᠶᠢ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢᠨ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠠᠬᠢᠭᠤᠯᠵᠤ᠂ | ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ | ᠳᠡᠮᠵᠢᠬᠦ ᠡᠷᠴᠢᠮ ᠢ ᠴᠢᠩᠭᠠᠷᠠᠭᠤᠯᠬᠤ ᠶᠢ ᠬᠥᠲᠥᠯᠥᠨ ᠵᠢᠯᠣᠭᠤᠳᠤᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ | ᠬᠤᠷᠰᠢᠶ᠎ᠠ ᠶᠢᠨ ᠥᠭᠡᠷᠡᠴᠢᠯᠡᠯᠲᠡ ᠪᠠᠷ ᠲᠦᠭᠰᠢᠭᠦᠷᠢ ᠶᠢ ᠠᠷᠢᠯᠭᠠᠬᠤ ᠶᠢ ᠯᠠᠪᠳᠠᠭᠤᠨ ᠢᠶᠠᠷ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠮᠠᠯ ᠠᠵᠤ ᠠᠬᠤᠢ ᠶᠢᠨ ᠡᠭᠦᠯᠡᠨ | ᠲᠠᠪᠴᠠᠩ ᠢ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠲᠦᠭᠡᠮᠡᠯ ᠬᠠᠷᠠᠭᠠᠯᠵᠠᠯᠲᠤ | ᠮᠥᠩᠭᠦᠨ ᠭᠦᠢᠯᠭᠡᠭᠡᠨ ᠤ ᠬᠥᠭᠵᠢᠯᠲᠡ ᠶᠢ ᠠᠬᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠤ ᠣᠷᠣᠯᠭ᠎ᠠ ᠶᠢᠨ | ᠳᠠᠭᠠᠳᠬᠠᠯ᠂ ᠴᠠᠭ ᠠᠭᠤᠷ ᠤᠨ ᠢᠯᠡᠳᠬᠡᠭᠴᠢ ᠶᠢᠨ ᠳᠠᠭᠠᠳᠬᠠᠯ ᠵᠡᠷᠭᠡ ᠰᠢᠨ᠎ᠡ ᠭᠡᠯᠪᠡᠷᠢ ᠶᠢᠨ ᠳᠠᠭᠠᠳᠬᠠᠯ ᠤᠨ ᠵᠦᠢᠯ ᠢ | ᠰᠦᠪᠡᠭᠴᠢᠯᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠲᠠᠷᠢᠶᠠᠯᠠᠩ ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠬᠥᠲᠥᠯᠥᠨ ᠵᠢᠯᠤᠭᠤᠳᠴᠤ᠂ ᠪᠦᠲᠦᠭᠡᠨ ᠪᠠᠶᠢᠭᠤᠯᠬᠤ | ᠬᠠᠮᠢᠶᠠᠷᠬᠤ ᠬᠡᠷᠡᠭᠯᠡᠬᠦ ᠶᠢ ᠨᠢᠭᠡ ᠴᠣᠭᠴᠠᠵᠢᠭᠤᠯᠬᠤ ᠵᠠᠭᠪᠤᠷ ᠢ ᠳᠡᠯᠭᠡᠷᠡᠭᠦᠯᠦᠨ᠎ᠡ᠃ ᠲᠠᠷᠢᠶᠠᠯᠠᠩ ᠳᠤ ᠬᠤᠯᠪᠣᠭᠳᠠᠬᠤ | ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠢᠲᠡᠭᠡᠮᠵᠢᠲᠦ ᠡᠷᠦᠭᠡ᠂ | ᠢᠲᠡᠭᠡᠮᠵᠢᠲᠦ ᠭᠠᠴᠠᠭ᠎ᠠ ᠲᠣᠰᠬᠤᠨ᠂ ᠢᠲᠡᠭᠡᠮᠵᠢᠲᠦ ᠰᠤᠮᠤ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠶᠢ | ᠦᠷᠭᠦᠯᠵᠢᠯᠡᠨ ᠥᠷᠨᠢᠭᠦᠯᠦᠨ᠎ᠡ᠃ ᠤᠯᠤᠰ ᠤᠨ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠮᠥᠩᠭᠦᠨ | ᠭᠦᠢᠯᠭᠡᠭᠡᠨ ᠤ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ᠂ ᠣᠲᠣ ᠦᠶ᠎ᠡ ᠶᠢᠨ ᠲᠥᠬᠦᠭᠡᠷᠦᠮᠵᠢᠲᠦ | ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠭᠡᠯᠡᠯᠭᠡ ᠳᠤ ᠡᠳ᠋ ᠤᠨ | ᠵᠠᠰᠠᠭ ᠤᠨ ᠳᠠᠮ ᠬᠦᠦ ᠶᠢᠨ ᠦᠢᠯᠡᠴᠢᠯᠡᠭᠡ ᠬᠠᠩᠭᠠᠵᠤ᠂ ᠪᠠᠩᠬᠢ ᠳᠠᠭᠠᠳᠬᠠᠯ ᠤᠨ ᠪᠠᠶᠢᠭᠤᠯᠤᠮᠵᠢ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ᠂ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶ᠎ᠡ ᠴᠠᠷᠠᠭ᠎ᠠ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠬᠥᠲᠥᠯᠥᠨ ᠵᠢᠯᠤᠭᠤᠳᠴᠤ᠂ ᠮᠠᠯ ᠠᠵᠤ ᠠᠬᠤᠢ ᠲᠠᠷᠢᠶᠠᠯᠠᠩ ᠳᠤ | ᠬᠤᠯᠪᠣᠭᠳᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠳ ᠲᠤ ᠠᠰᠢᠭ | ᠬᠦᠷᠲᠡᠭᠡᠬᠦ ᠲᠠᠷᠢᠶᠠᠯᠠᠩ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠪᠦᠭᠦ | ᠴᠤᠪᠤᠷᠠᠯ ᠤᠨ ᠬᠠᠮᠢᠶᠠᠷᠤᠯᠲᠠ ᠶᠢᠨ ᠬᠢᠨᠠᠯᠲᠠ ᠲᠠᠯᠪᠢᠵᠤ ᠤᠷᠢᠳᠴᠢᠯᠠᠨ ᠰᠡᠷᠡᠮᠵᠢᠯᠡᠭᠦᠯᠭᠦ ᠳᠦᠷᠢᠮ ᠢ ᠲᠣᠭᠲᠠᠭᠠᠵᠤ᠂ | ᠲᠤᠰᠬᠠᠢ ᠪᠡᠯᠡ ᠮᠥᠩᠭᠦ ᠶᠢᠨ ᠲᠥᠰᠥᠪ ᠤᠨ ᠬᠡᠷᠡᠭᠵᠢᠭᠦᠯᠦᠯᠲᠡ ᠶᠢ ᠴᠢᠩᠳᠠᠯᠠᠨ᠎ᠠ᠃ | ︵ᠬᠤᠷᠢ ᠶᠢᠰᠦ︶ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ | ᠳᠠᠭᠢᠭᠠᠳ 30 ᠵᠢᠯ ᠤᠷᠲᠤᠳᠬᠠᠬᠤ ᠤᠯᠤᠰ ᠤᠨ ᠲᠤᠷᠰᠢᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ 10 | ᠰᠢᠶᠠᠩ ᠪᠠᠯᠭᠠᠰᠤ ᠶᠢ ᠰᠣᠩᠭᠤᠵᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠷᠰᠢᠯᠲᠠ ᠶᠢᠨ ᠠᠵᠢᠯ ᠢ | ᠥᠷᠨᠢᠭᠦᠯᠦᠨ᠎ᠡ᠃ 10 ᠬᠤᠰᠢᠭᠤ ᠰᠢᠶᠠᠨ ᠢ ᠰᠣᠩᠭᠤᠨ ᠰᠢᠨ᠎ᠡ ᠪᠠᠷ ᠨᠡᠮᠡᠭᠳᠡᠭᠦᠯᠦᠭᠰᠡᠨ ᠲᠠᠷᠢᠶᠠᠨ ᠭᠠᠵᠠᠷ ᠢ ᠥᠨᠳᠥᠷ | ᠦᠷ᠎ᠡ ᠪᠦᠲᠦᠮᠵᠢᠲᠡᠶ ᠠᠰᠢᠭᠯᠠᠬᠤ ᠲᠤᠷᠰᠢᠯᠲᠠ ᠶᠢ ᠥᠷᠨᠢᠭᠦᠯᠦᠨ᠎ᠡ᠃ ᠤᠯᠠᠭᠠᠨᠬᠤᠲᠠ ᠶᠢᠨ ᠣᠷᠣᠨ ᠰᠠᠭᠤᠴᠠ ᠶᠢᠨ | ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠳᠡᠯᠭᠡᠷᠡᠭᠦᠯᠵᠦ᠂ ᠰᠤᠯᠠ | ᠪᠠᠶᠢᠭ᠎ᠠ ᠲᠠᠷᠢᠶᠠᠴᠢᠨ ᠤ ᠭᠡᠷ ᠪᠠᠶᠢᠰᠢᠩ ᠪᠣᠯᠣᠨ ᠣᠷᠣᠨ ᠰᠠᠭᠤᠴᠠ ᠶᠢᠨ ᠭᠠᠵᠠᠷ ᠢ ᠠᠮᠢᠳᠤᠯᠢᠭᠵᠢᠭᠤᠯᠤᠨ ᠠᠰᠢᠭᠯᠠᠵᠤ | ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ ᠭᠡᠯᠪᠡᠷᠢ ᠶᠢ ᠬᠥᠭᠵᠢᠭᠦᠯᠦᠨ᠎ᠡ᠃ | ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ | 50 ᠭᠠᠴᠠᠭ᠎ᠠ ᠲᠣᠰᠬᠤᠨ ᠳᠤ ︽ᠬᠥᠨᠳᠡᠶᠢᠷᠡᠭᠰᠡᠨ ᠲᠣᠰᠬᠤᠨ︾ ᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ | ᠴᠡᠭ ᠢ ᠥᠷᠨᠢᠭᠦᠯᠦᠨ᠎ᠡ᠃ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠵᠦ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠦᠢᠯᠡᠴᠢᠯᠡᠭᠡᠨ ᠤ ᠲᠥᠪ | ︵ᠠᠵᠢᠯᠯᠠᠬᠤ ᠴᠡᠭ︶ ᠢ 300 ᠪᠠᠶᠢᠭᠤᠯᠵᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠶᠢ | ︽ᠵᠣᠭᠤᠰ ᠢᠶᠠᠷ ᠲᠦᠷᠢᠶᠡᠰᠦ ᠶᠢ ᠲᠣᠭᠲᠠᠭᠠᠬᠤ︾ ᠠᠴᠠ ︽ᠠᠮᠤ ᠪᠤᠳᠠᠭ᠎ᠠ ︵ᠮᠠᠯ︶ ᠪᠠᠷ ᠲᠦᠷᠢᠶᠡᠰᠦ ᠶᠢ ᠲᠣᠭᠲᠠᠭᠠᠬᠤ︾ | ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠠᠵᠢᠯ ᠢ | ᠯᠠᠪᠳᠠᠭᠤᠨ ᠪᠣᠯᠭᠤᠮᠵᠢᠲᠠᠢ ᠪᠠᠷ ᠠᠬᠢᠭᠤᠯᠤᠨ᠎ᠠ᠃ ᠪᠦᠭᠦ ᠣᠷᠣᠨ ᠤ ᠨᠢᠭᠡᠳᠦᠯᠲᠡᠢ ᠬᠠᠮᠲᠤ ᠶᠢᠨ ᠣᠶ ᠶᠢᠨ ᠡᠷᠬᠡ ᠶᠢ | ᠡᠷᠭᠢᠯᠳᠦᠭᠦᠯᠦᠨ ᠠᠷᠠᠯᠵᠢᠶᠠᠯᠠᠬᠤ ᠲᠠᠪᠴᠠᠩ ᠢ ᠪᠠᠶᠢᠭᠤᠯᠵᠤ᠂ ᠬᠠᠮᠲᠤ ᠶᠢᠨ ᠣᠶ ᠶᠢᠨ ᠡᠷᠬᠡ ᠶᠢᠨ ᠬᠠᠳᠠᠭᠠᠯᠠᠮᠵᠢ | ᠴᠤᠭᠯᠠᠭᠤᠯᠬᠤ ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠲᠠᠷᠢᠶᠠᠯᠠᠩ ᠠᠲᠠᠷ ᠬᠠᠭᠠᠯᠪᠤᠷᠢᠯᠠᠯᠲᠠ ᠶᠢᠨ ᠣᠷᠣᠨ ᠤ | ᠪᠦᠯᠦᠭᠯᠡᠯᠵᠢᠭᠦᠯᠭᠦ᠂ ᠮᠠᠯᠵᠢᠯ ᠲᠠᠷᠢᠶᠠᠯᠠᠩ ᠤᠨ ᠲᠠᠯᠠᠪᠠᠶ ᠶᠢᠨ ᠠᠵᠤ ᠠᠬᠤᠶᠢᠴᠢᠯᠠᠬᠤ ᠥᠭᠡᠷᠡᠴᠢᠯᠡᠯᠲᠡ ᠶᠢ ᠲᠥᠷᠥᠯ | ᠬᠤᠪᠢᠶᠠᠨ ᠠᠬᠢᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠪᠠᠷ ᠬᠦᠴᠢᠷᠳᠡᠯ ᠠᠴᠠ ᠠᠩᠭᠢᠵᠢᠷᠠᠬᠤ ᠶᠢ ᠠᠬᠢᠭᠤᠯᠤᠨ᠎ᠠ᠃ | ︵ᠭᠤᠴᠢ︶ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ᠂ ᠬᠢᠯᠢ | ᠬᠢᠵᠠᠭᠠᠷ ᠤᠨ ᠬᠤᠰᠢᠭᠤ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠲᠤᠰᠬᠠᠢ ᠲᠠᠯᠠᠪᠤᠷ ᠠᠵᠢᠯᠲᠠᠨ ᠡᠯᠰᠡᠬᠦ | ᠠᠵᠢᠯᠯᠠᠭ᠎ᠠ ᠶᠢ ᠡᠷᠭᠢᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠥᠳᠡᠭᠡ ᠲᠣᠰᠬᠤᠨ ᠳᠤ ᠣᠴᠢᠵᠤ | ᠠᠵᠢᠯ ᠣᠯᠵᠤ ᠦᠢᠯᠡᠰ ᠪᠣᠰᠬᠠᠬᠤ ᠶᠢ ᠬᠥᠲᠥᠯᠥᠨ ᠵᠢᠯᠣᠭᠤᠳᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠨᠢᠭᠡᠳᠦᠭᠡᠷ ᠹᠷᠣᠨᠲ ᠲᠤ ᠮᠡᠷᠭᠡᠵᠢᠯ ᠤᠨ ᠴᠣᠯᠠ ᠶᠢ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠠᠵᠢᠯ ᠢ | ᠬᠡᠷᠡᠭᠵᠢᠭᠦᠯᠦᠨ᠎ᠡ᠃ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ 1.5 ᠲᠦᠮᠡᠨ ᠮᠠᠯᠴᠢᠨ ᠲᠠᠷᠢᠶᠠᠴᠢᠨ ᠢ | ᠪᠤᠯᠪᠠᠰᠤᠷᠠᠭᠤᠯᠵᠤ᠂ 780 ᠨᠡᠷ᠎ᠡ ︽ᠲᠦᠷᠦᠭᠦᠴᠢ ᠭᠠᠯᠠᠭᠤ︾ ᠬᠥᠮᠥᠵᠢᠭᠦᠯᠦᠨ᠎ᠡ᠃ ︽ᠵᠠᠭᠤᠨ ᠳᠠᠭᠠᠭᠠᠴᠢᠯᠠᠨ | ᠬᠠᠷᠢᠭᠤᠴᠠᠬᠤ ᠭᠠᠵᠠᠷ ᠵᠠᠭᠤᠨ ᠤᠶᠤᠨ ᠤ ᠬᠥᠮᠥᠷᠭᠡ ᠵᠠᠭᠤᠨ ᠠᠵᠢᠯᠯᠠᠭ᠎ᠠ︾ ᠶᠢ ᠥᠷᠨᠢᠭᠦᠯᠵᠦ᠂ ᠵᠠᠭᠤᠨ ᠨᠡᠷᠡᠰ | ᠮᠠᠯᠴᠢᠨ ᠲᠠᠷᠢᠶᠠᠴᠢᠨ ᠺᠠᠳ᠋ᠷ ᠢ ᠰᠣᠩᠭᠤᠨ ᠲᠣᠮᠢᠯᠠᠵᠤ ᠬᠤᠰᠢᠭᠤ ᠰᠢᠶᠠᠨ ᠢ ᠳᠠᠭᠠᠭᠠᠴᠢᠯᠠᠨ ᠬᠠᠷᠢᠯᠴᠠᠭᠤᠯᠵᠤ᠂ ᠵᠠᠭᠤᠨ | ᠨᠡᠷᠡᠰ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠮᠠᠯ ᠠᠵᠤ ᠠᠬᠤᠢ | ᠲᠠᠷᠢᠶᠠᠯᠠᠩ ᠤᠨ ᠠᠵᠤ ᠠᠬᠤᠶᠢᠯᠠᠯ ᠳᠤ ᠦᠢᠯᠡᠴᠢᠯᠡᠭᠦᠯᠵᠦ᠂ ᠵᠠᠭᠤᠨ ᠲᠠᠯᠠᠪᠠᠢ ᠮᠠᠯ ᠠᠵᠤ ᠠᠬᠤᠢ ᠲᠠᠷᠢᠶᠠᠯᠠᠩ ᠤᠨ | ᠣᠨᠴᠠᠯᠢᠭᠲᠤ ᠠᠵᠢᠯᠯᠠᠭ᠎ᠠ ᠶᠢ ᠥᠷᠨᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠮᠠᠯ ᠠᠵᠤ ᠠᠬᠤᠢ | ᠲᠠᠷᠢᠶᠠᠯᠠᠩ ᠳᠤ ᠬᠤᠯᠪᠣᠭᠳᠠᠬᠤ ᠬᠠᠮᠢᠶ᠎ᠠ ᠪᠦᠬᠦᠢ ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠭᠳᠡᠭᠦᠯᠬᠦ ᠶᠢ ᠳᠡᠮᠵᠢᠵᠦ᠂ | ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ᠎ᠡ᠃ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ᠂ ᠲᠥᠪ ᠤᠨ ᠲᠠᠷᠢᠶᠠᠯᠠᠩ ᠤᠨ ᠷᠠᠳᠢᠣ᠋ ᠨᠡᠪᠲᠡᠷᠡᠭᠦᠯᠭᠡ ᠶᠢᠨ ᠰᠤᠷᠭᠠᠭᠤᠯᠢ ᠠᠴᠠ | ᠬᠥᠯᠥᠰᠦᠨ ᠮᠠᠯᠴᠢᠨ ᠲᠠᠷᠢᠶᠠᠴᠢᠨ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠳᠤ ᠬᠠᠨᠳᠤᠭᠤᠯᠤᠨ ᠠᠵᠢᠯ | ᠮᠡᠷᠭᠡᠵᠢᠯ ᠤᠨ ᠪᠣᠯᠪᠠᠰᠤᠷᠠᠯ ᠥᠷᠨᠢᠭᠦᠯᠬᠦ ᠶᠢ ᠳᠡᠮᠵᠢᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ | ᠰᠢᠶᠠᠨ ᠠᠴᠠ ᠬᠠᠮᠢᠶᠠᠷᠴᠤ ᠰᠢᠶᠠᠩ ᠬᠡᠷᠡᠭᠯᠡᠬᠦ ᠶᠢ ᠬᠡᠷᠡᠭᠵᠢᠭᠦᠯᠵᠦ᠂ ᠰᠢᠶᠠᠩ ᠠᠴᠠ ᠤᠷᠢᠵᠤ ᠲᠣᠰᠬᠤᠨ ᠬᠡᠷᠡᠭᠯᠡᠬᠦ ᠶᠢ | ᠢᠳᠡᠪᠬᠢᠲᠡᠢ ᠠᠬᠢᠭᠤᠯᠵᠤ᠂ ᠣᠶᠤᠲᠠᠨ ᠬᠥᠳᠡᠭᠡ ᠲᠣᠰᠬᠤᠨ ᠤ ᠡᠮᠴᠢ ᠶᠢᠨ ᠲᠤᠰᠬᠠᠢ ᠲᠥᠯᠥᠪᠯᠡᠭᠡ ᠶᠢ | ᠬᠡᠷᠡᠭᠵᠢᠭᠦᠯᠦᠨ᠎ᠡ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠤᠷᠢᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠢᠶᠠᠨ ᠤ ᠬᠡᠪᠴᠢᠶᠡᠨ ᠳᠠᠬᠢ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠰᠣᠯᠢᠯᠴᠠᠬᠤ ᠪᠠ ᠠᠵᠢᠯ ᠤᠨ ᠪᠠᠶᠢᠷᠢ | ᠡᠭᠡᠯᠵᠢᠯᠡᠭᠦᠯᠬᠦ ᠶᠢ ᠴᠢᠩᠭᠠᠳᠬᠠᠵᠤ᠂ ᠰᠢᠯᠢᠳᠡᠭ ᠪᠠᠭᠰᠢ ᠶᠢ ᠵᠦᠢ ᠵᠣᠬᠢᠰᠲᠠᠢ ᠲᠡᠩᠴᠡᠭᠦᠷᠢᠲᠡᠢ ᠲᠣᠬᠢᠷᠠᠭᠤᠯᠬᠤ ᠶᠢ | ᠠᠬᠢᠭᠤᠯᠤᠨ᠎ᠠ᠃ ︽ᠲᠠᠷᠢᠶᠠᠯᠠᠩ ᠢ ᠲᠤᠰᠠᠯᠠᠭᠰᠠᠨ ᠠᠷᠪᠠᠨ ᠰᠢᠯᠢᠳᠡᠭ︾ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠵᠢᠵᠢᠭ ᠬᠦᠷᠢᠶᠡᠯᠡᠩ ᠢ ᠵᠣᠬᠢᠶᠠᠨ ᠪᠠᠶᠢᠭᠤᠯᠤᠨ ᠰᠢᠯᠭᠠᠷᠠᠭᠤᠯᠤᠨ ᠰᠣᠩᠭᠤᠵᠤ᠂ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠠᠯ ᠠᠵᠤ ᠠᠬᠤᠢ ᠲᠠᠷᠢᠶᠠᠯᠠᠩ ᠤᠨ | ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠰᠠᠭᠤᠷᠢᠯᠠᠭᠤᠯᠤᠨ ᠰᠤᠳᠤᠯᠤᠯ ᠥᠷᠨᠢᠭᠦᠯᠬᠦ ᠶᠢ ᠬᠥᠲᠥᠯᠥᠨ | ᠵᠢᠯᠣᠭᠤᠳᠤᠨ᠎ᠠ᠃ | ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠺᠠᠳ᠋ᠷ ᠣᠯᠠᠨ | ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ | ᠨᠢᠭᠲᠠᠷᠠᠨ ᠪᠦᠯᠬᠦᠮᠳᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠦᠴᠢᠷ ᠠᠴᠠ | ᠠᠶᠤᠬᠤ ᠦᠭᠡᠢ ᠪᠠᠷ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠵᠤ᠂ | ᠬᠦᠴᠦᠷᠬᠡᠭ ᠶᠡᠭᠡ ᠡᠵᠡᠨ ᠬᠥᠮᠥᠨ ᠤ ᠵᠣᠷᠢᠭ ᠰᠠᠨᠠᠭ᠎ᠠ ᠪᠠᠷ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ | ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ | | |