ᠮᠠᠨ ᠤ ᠣᠷᠣᠨ 137 ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ ᠶᠢᠨ ᠴᠣᠩᠬᠤᠪᠴᠢ ᠭᠠᠷᠭᠠᠵᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠭᠡᠷ᠎ᠡ ᠠᠴᠠ ᠵᠥᠷᠢᠴᠡᠵᠦ ᠢᠲᠡᠭᠡᠮᠵᠢ ᠠᠯᠳᠠᠭᠰᠠᠨ ᠠᠵᠢᠯᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠵᠦ ᠪᠤᠢ
ᠨᠡᠶᠢᠲᠡᠯᠡᠭᠰᠡᠨ ᠴᠠᠭ᠄
2024/4/15
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠲᠠᠯ᠎ᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠨᠡᠶᠢᠲᠡ 137 ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠪᠴᠢ ᠭᠠᠷᠭᠠᠵᠤ᠂ 234 ᠲᠤᠰᠬᠠᠢ ᠪᠠ ᠲᠤᠰᠢᠶᠠᠯ ᠬᠠᠪᠰᠤᠷᠭᠠᠭᠰᠠᠨ ᠴᠣᠩᠬᠤᠪᠴᠢ ᠶᠢᠨ ᠠᠵᠢᠯᠲᠠᠨ ᠲᠣᠬᠢᠷᠠᠭᠤᠯᠤᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠳᠡᠮᠵᠢᠯᠭᠡ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠡᠷᠭᠡ ᠬᠦᠷᠢᠶ᠎ᠡ ᠴᠠᠷᠠᠭ᠎ᠠ ᠳᠠᠬᠢ ᠠᠮᠠᠯᠠᠯᠲᠠ ᠶᠢᠨ ᠵᠦᠢᠯᠡᠰ ᠤᠨ ᠭᠡᠷ᠎ᠡ ᠠᠴᠠ ᠵᠥᠷᠢᠴᠡᠵᠦ ᠢᠲᠡᠭᠡᠮᠵᠢ ᠠᠯᠳᠠᠭᠰᠠᠨ ᠠᠵᠢᠯᠯᠠᠭ᠎ᠠ ᠶᠢ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠵᠦ ᠪᠠᠶᠢᠨ᠎ᠠ᠃      ᠡᠭᠦᠨ ᠠᠴᠠ ᠭᠠᠳᠠᠨ᠎ᠠ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠨᠣᠮᠧᠷ ᠣᠯᠠᠨ᠂ ᠴᠡᠭᠡᠵᠢᠯᠡᠵᠦ ᠳᠡᠶᠢᠯᠭᠦ ᠦᠭᠡᠢ᠂ ᠭᠥᠯᠢᠶᠡᠨ ᠠᠪᠴᠤ ᠰᠢᠢᠳᠪᠦᠷᠢᠯᠡᠬᠦ ᠵᠠᠭᠠᠯᠳᠤᠯᠭ᠎ᠠ ᠶᠢᠨ ᠡᠬᠢ ᠪᠠᠶᠠᠯᠢᠭ ᠲᠠᠷᠠᠬᠠᠢ ᠪᠤᠲᠠᠷᠬᠠᠢ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ  ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤ ᠳᠤ ᠲᠦᠰᠢᠭᠯᠡᠨ᠂ ︽ᠥᠪᠥᠷ ᠮᠣᠩᠭᠤᠯ ᠤᠨ ᠠᠵᠤ ᠠᠬᠤᠶᠢᠯᠠᠯ ᠤᠨ ᠮᠡᠳᠡᠭᠡ︾ ᠲᠠᠪᠴᠠᠩ᠂ ᠭᠡᠷ᠎ᠡ ᠠᠴᠠ ᠵᠥᠷᠢᠴᠡᠨ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠢ ᠬᠤᠶᠢᠰᠢᠯᠠᠭᠤᠯᠤᠨ ᠥᠷᠢᠲᠦᠵᠦ ᠪᠠᠶᠢᠭ᠎ᠠ ᠵᠦᠢᠯ ᠢ ᠳᠠᠩᠰᠠᠯᠠᠬᠤ ︵ᠵᠠᠭᠠᠯᠳᠤᠬᠤ︶ ᠲᠠᠪᠴᠠᠩ᠂ 96888 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ  ᠯᠤᠭ᠎ᠠ ᠢᠳᠡᠪᠬᠢᠲᠡᠢ ᠪᠠᠷ ᠵᠤᠯᠭᠠᠯᠴᠠᠵᠤ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠠᠪᠲᠠᠷᠡᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠲᠠᠯ᠎ᠠ ᠪᠠᠷ ᠬᠢ ᠬᠦᠰᠡᠯ ᠱᠠᠭᠠᠷᠳᠠᠯᠭ᠎ᠠ ᠶᠢ ᠲᠥᠪᠯᠡᠷᠡᠭᠦᠯᠦᠨ ᠴᠤᠭᠯᠠᠭᠤᠯᠪᠠ᠃      ᠲᠠᠨᠢᠯᠴᠠᠭᠤᠯᠭ᠎ᠠ ᠶᠢ ᠦᠨᠳᠦᠰᠦᠯᠡᠪᠡᠯ᠂ ᠵᠠᠭᠠᠯᠳᠤᠯᠭ᠎ᠠ ᠶᠢᠨ ᠠᠷᠭ᠎ᠠ ᠵᠠᠮ ᠢ ᠨᠡᠩ ᠰᠠᠶᠢᠲᠤᠷ ᠰᠢᠯᠤᠭᠤᠳᠬᠠᠵᠤ ᠰᠠᠭᠠᠳ ᠦᠭᠡᠢ ᠨᠡᠪᠲᠡᠷᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠡᠯ᠎ᠡ ᠱᠠᠲᠤᠨ ᠤ 12345 ᠬᠠᠯᠠᠮᠰᠢᠯ ᠤᠲᠠᠰᠤᠨ ᠤ ᠲᠠᠪᠴᠠᠩ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠪᠴᠢ ᠶᠢᠨ ᠭᠥᠯᠢᠶᠡᠨ ᠠᠪᠴᠤ ᠰᠢᠢᠳᠪᠦᠷᠢᠯᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ 12345 ᠬᠠᠯᠠᠮᠰᠢᠯ ᠤᠲᠠᠰᠤ ᠶᠢᠨ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠲᠠᠢ  ᠪᠦᠲᠦᠮᠵᠢᠲᠡᠶ ᠵᠣᠯᠭᠠᠭᠤᠯᠬᠤ ᠪᠠᠷ ᠳᠠᠮᠵᠢᠨ᠂ ᠠᠵᠤ ᠠᠬᠤᠶᠢᠯᠠᠯ  ᠤᠨ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠣᠯᠠᠨ ᠠᠷᠭ᠎ᠠ ᠵᠠᠮ ᠢᠶᠠᠷ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠣᠷᠤᠯᠴᠠᠬᠤ ᠬᠡᠮᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号