ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ︽ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠶ᠎ᠠ︾ ᠭᠡᠬᠦ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠦᠵᠡᠭᠦᠯᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/16
     ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 17 ᠰᠠᠯᠠᠭ᠎ᠠ ᠮᠥᠴᠢᠷ ᠬᠠᠮᠲᠤᠷᠠᠨ ︽ᠰᠢᠨ᠎ᠡ ᠴᠠᠭ ᠦᠶ᠎ᠡ ᠶᠢᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠰᠬᠠᠢ ᠠᠵᠢᠯᠯᠠᠭᠠᠨ ᠤ ᠲᠥᠯᠥᠪᠯᠡᠭᠡ ︵2023 ︱ 2025 ᠣᠨ︶︾ ᠶᠢ ᠳᠠᠷᠤᠮᠠᠯᠯᠠᠨ ᠲᠠᠷᠬᠠᠭᠠᠭᠰᠠᠨ ᠨᠢ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠢ ᠴᠢᠩᠭᠠᠳᠬᠠᠬᠤ ᠶᠠᠪᠤᠳᠠᠯ ᠢ ᠨᠢᠭᠡ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠵᠦ᠂ ᠨᠠᠩ ᠲᠣᠪᠣᠶᠢᠮ᠎ᠠ᠂ ᠨᠠᠩ ᠴᠢᠬᠤᠯᠠ ᠪᠠᠶᠢᠷᠢᠨ ᠳᠤ ᠲᠠᠯᠪᠢᠭᠰᠠᠨ ᠢ ᠬᠠᠷᠠᠭᠤᠯᠵᠤ ᠪᠠᠶᠢᠨ᠎ᠠ᠃      ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠤᠨ ᠰᠠᠭᠤᠷᠢ ᠶᠢ ᠪᠠᠬᠢᠵᠢᠭᠦᠯᠵᠦ᠂ ᠪᠠᠭᠰᠢ ᠶᠢᠨ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠣᠶᠢᠯᠠᠭᠠᠭᠳᠠᠬᠤᠨ ᠢ ᠰᠢᠯᠢᠳᠡᠭᠵᠢᠭᠦᠯᠦᠨ᠂ ᠪᠠᠭᠰᠢ ᠶᠢᠨ ᠰᠡᠳᠬᠢᠴᠡ ᠶᠢᠨ ᠬᠠᠪᠰᠤᠷᠤᠨ ᠵᠢᠯᠤᠭᠤᠳᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠡᠶ᠎ᠡ ᠵᠣᠬᠢᠴᠠᠯ ᠲᠠᠢ ᠪᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ︽ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠶ᠎ᠠ︾ ᠭᠡᠬᠦ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠦᠵᠡᠭᠦᠯᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠂ ᠲᠣᠰ ᠠᠵᠢᠯᠯᠠᠭ᠎ᠠ ᠶᠢ ᠨᠢᠭᠡᠳᠦᠭᠡᠷ ᠪᠠᠭ᠎ᠠ ᠰᠤᠷᠭᠠᠭᠤᠯᠢ ᠳᠠᠭᠠᠭᠠᠴᠢᠯᠠᠨ ᠡᠷᠬᠢᠯᠡᠪᠡ᠃ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠲᠤᠰᠬᠠᠢ ᠪᠠ ᠲᠤᠰᠢᠶᠠᠯ ᠬᠠᠪᠰᠤᠷᠭᠠᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠳᠤ ᠰᠡᠳᠬᠢᠴᠡ ᠶᠢᠨ ᠬᠢᠴᠢᠶᠡᠯ ᠤᠨ ᠲᠠᠩᠬᠢᠮ᠂ ᠤᠶᠤᠨ ᠰᠠᠨᠠᠭᠠᠨ ᠤ ᠵᠢᠵᠢᠭ ᠵᠦᠴᠦᠭᠡ᠂ ᠨᠢᠭᠡᠳᠦᠮᠡᠯ ᠰᠡᠳᠬᠢᠴᠡ ᠶᠢᠨ ᠲᠠᠮᠢᠷ᠂ ᠬᠤᠨᠳᠠᠭ᠎ᠠ ᠶᠢᠨ ᠪᠥᠵᠢᠭ᠂ ᠭᠡᠷ ᠤᠨ ᠭᠠᠳᠠᠨᠠᠬᠢ ᠪᠦᠯᠬᠦᠮ ᠤᠨ ᠲᠤᠰᠠᠯᠠᠮᠵᠢ ᠶᠢᠨ ᠠᠵᠢᠯᠯᠠᠭ᠎ᠠ᠂ ᠲᠤᠰᠬᠠᠢ ᠰᠡᠳᠦᠪᠲᠦ ᠲᠠᠶᠢᠯᠤᠮᠵᠢ᠂ ᠰᠤᠷᠭᠠᠭᠤᠯᠢ ᠶᠢᠨ ᠬᠠᠮᠲᠤ ᠪᠠᠷ ᠡᠳ᠋ᠯᠡᠬᠦ ᠰᠣᠯᠢᠯᠴᠠᠭ᠎ᠠ ᠵᠡᠷᠭᠡ ᠤᠯᠠᠨ ᠭᠤᠭᠴᠤᠭ᠎ᠠ ᠶᠢ ᠲᠣᠬᠢᠷᠠᠭᠤᠯᠵᠤ᠂ ᠠᠬᠤᠢ ᠪᠠᠶᠢᠳᠠᠯ ᠤᠨ ᠲᠤᠬᠠᠢ ᠲᠠᠨᠢᠯᠲᠠ᠂ ᠪᠣᠳᠠᠭᠠᠯᠢ ᠪᠡᠶ᠎ᠡ ᠶᠢᠨ ᠦᠢᠯᠡᠳᠦᠯᠭᠡ ᠪᠠ ᠪᠦᠯᠬᠦᠮ ᠨᠡᠶᠢᠲᠡ ᠶᠢᠨ ᠬᠠᠮᠵᠢᠯᠴᠠᠭ᠎ᠠ᠂ ᠲᠤᠰᠬᠠᠢ ᠮᠡᠷᠭᠡᠵᠢᠯ ᠤᠨ ᠤᠯᠠᠨ ᠡᠰᠢᠲᠦ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ ᠶᠢᠨ ᠤᠯᠠᠨ ᠲᠠᠯ᠎ᠠ ᠠᠴᠠ ᠰᠡᠳᠬᠢᠴᠡ ᠶᠢᠨ ᠬᠥᠮᠦᠵᠢᠯ ᠤᠨ ᠦᠷ᠎ᠡ ᠪᠦᠲᠦᠭᠡᠯ ᠢ ᠢᠯᠡᠷᠡᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠭᠦᠨᠵᠡᠭᠡᠶᠢᠷᠡᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠪᠠ᠃
     ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠬᠦ ᠰᠡᠳᠬᠢᠴᠡ ᠶᠢᠨ ᠪᠠᠭᠰᠢ ︽AI ᠶᠢᠨ ᠠᠬᠤᠢ ᠪᠠᠶᠢᠳᠠᠯ ᠳᠣᠣᠷᠠᠬᠢ ᠪᠠᠭᠰᠢ ᠶᠢᠨ ᠳᠦᠷᠢ ᠶᠢᠨ ᠬᠤᠪᠢᠷᠠᠯᠲᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠵᠦ᠂ ᠲᠠᠶᠢᠯᠤᠮᠵᠢ ᠨᠢ ᠰᠢᠰᠲ᠋ᠧᠮ ᠲᠠᠢ ᠣᠶᠢᠯᠠᠭᠠᠭᠳᠠᠬᠤᠨ ᠤ ᠰᠡᠳᠬᠢᠬᠦᠢ ᠪᠠᠷ ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠳᠣᠣᠷᠠᠬᠢ ᠪᠠᠭᠰᠢ ᠶᠢᠨ ᠰᠢᠨ᠎ᠡ ᠡᠭᠦᠷᠭᠡ ᠶᠢ ᠳᠡᠯᠭᠡᠨ ᠦᠵᠡᠭᠦᠯᠵᠦ᠂ ᠰᠡᠳᠬᠢᠯ ᠤᠨ ᠬᠥᠮᠦᠵᠢᠯ ᠤᠨ ᠠᠷᠭ᠎ᠠ ᠪᠣᠳᠣᠯᠭ᠎ᠠ ᠶᠢ ᠳᠣᠪᠤᠶᠢᠯᠭᠠᠵᠠᠶ᠃ ᠭᠤᠷᠪᠠᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠨᠠᠷ ᠲᠣᠰ ᠲᠣᠰ ︽ᠰᠤᠷᠤᠯᠭ᠎ᠠ ᠶᠢᠨ ᠬᠤᠭᠤᠴᠠᠭ᠎ᠠ ᠪᠠᠷ ᠬᠠᠷᠠᠯᠲᠠ ᠪᠣᠯᠭᠠᠨ ᠰᠢᠷᠢᠰ ᠰᠤᠷᠭᠠᠭᠤᠯᠢ ᠶᠢᠨ ᠬᠢᠴᠢᠶᠡᠯ ᠤᠨ ᠰᠢᠰᠲ᠋ᠧᠮ ᠢ ᠪᠠᠶᠢᠭᠤᠯᠤᠨ᠎ᠠ︾ ︽ᠭᠤᠯᠳᠤ ᠴᠢᠭᠯᠡᠯ ᠢᠶᠠᠷ ᠪᠢᠲᠡᠭᠦᠦ ᠴᠠᠭᠠᠷᠢᠭ ᠢ ᠬᠤᠯᠪᠣᠵᠤ᠂ ᠬᠥᠨᠳᠡᠯᠡᠨ ᠴᠢᠭᠯᠡᠯ ᠢᠶᠠᠷ ᠣᠯᠠᠨ ᠲᠠᠯ᠎ᠠ ᠪᠠᠷ ᠬᠥᠭᠵᠢᠭᠦᠯᠦᠨ᠎ᠡ︾ ᠭᠡᠬᠦ ᠭᠤᠣᠯ ᠰᠡᠳᠦᠪ ᠪᠣᠯᠭᠠᠨ ᠪᠦᠲᠦᠮᠵᠢᠲᠡᠶ ᠬᠥᠮᠥᠨ ᠢ ᠬᠥᠮᠥᠵᠢᠭᠦᠯᠬᠦ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠬᠠᠮᠲᠤ ᠪᠠᠷ ᠡᠳ᠋ᠯᠡᠵᠦ ᠰᠠᠨᠠᠯ ᠢᠶᠠᠨ ᠰᠣᠯᠢᠯᠴᠠᠪᠠ᠃
     ᠳᠠᠷᠠᠭ᠎ᠠ ᠠᠯᠬᠤᠮ ᠳᠤ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠭ᠎ᠠ ᠶᠢᠨ ᠰᠢᠨ᠎ᠡ ᠶᠢ ᠡᠭᠦᠳᠴᠦ᠂ ᠲᠤᠷᠰᠢᠯᠭ᠎ᠠ ᠪᠠᠨ ᠳ᠋ᠦᠩᠨᠡᠵᠦ᠂ ᠡᠭᠦᠷᠭᠡ ᠪᠠᠨ ᠲᠣᠳᠣᠷᠬᠠᠢ ᠪᠣᠯᠭᠠᠨ᠎ᠠ᠃ ᠵᠢᠮ᠎ᠡ ᠶᠣᠰᠣ ᠶᠢ ᠬᠠᠶᠢᠨ ᠰᠦᠪᠡᠭᠴᠢᠯᠡᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠪᠠᠭᠰᠢ ᠶᠢ ᠬᠥᠮᠥᠵᠢᠭᠦᠯᠬᠦ ᠶᠢ ᠲᠤᠰᠬᠠᠶᠢᠵᠢᠭᠤᠯᠬᠤ᠂ ᠬᠢᠴᠢᠶᠡᠯ ᠤᠨ ᠪᠠᠶᠢᠭᠤᠯᠤᠯᠲᠠ ᠶᠢ ᠵᠢᠷᠤᠮᠵᠢᠭᠤᠯᠬᠤ᠂ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠲᠦᠭᠡᠮᠡᠯᠵᠢᠭᠦᠯᠬᠦ᠂ ᠭᠠᠷ ᠲᠦᠷᠦᠭᠦ ᠲᠣᠭᠲᠠᠴᠠ ᠶᠢ ᠪᠣᠳᠠᠲᠠᠢ ᠬᠡᠷᠡᠭᠴᠡᠭᠡᠵᠢᠭᠦᠯᠬᠦ᠂ ᠬᠥᠮᠥᠨ ᠬᠥᠮᠥᠵᠢᠭᠦᠯᠬᠦ ᠠᠷᠭ᠎ᠠ ᠵᠠᠮ ᠢ ᠣᠯᠠᠨ ᠶᠠᠩᠵᠤᠵᠢᠭᠤᠯᠬᠤ ︽ᠵᠢᠷᠭᠤᠭ᠎ᠠ ᠶᠢ ᠨᠢᠭᠡ ᠴᠣᠭᠴᠠᠵᠢᠭᠤᠯᠬᠤ︾ ᠠᠵᠢᠯ ᠢᠶᠠᠷ ᠪᠥᠬᠦ ᠠᠵᠢᠯᠲᠠᠨ ᠤ ᠵᠢᠯᠣᠭᠤᠳᠤᠭᠴᠢ ᠪᠠᠭᠰᠢ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠰᠡᠳᠬᠢᠯ ᠤᠨ ᠬᠥᠮᠦᠵᠢᠯ ᠤᠨ ᠡᠩᠨᠡᠭᠡ ᠶᠢᠨ ᠬᠦᠴᠦᠨ ᠢ ᠥᠷᠭᠡᠳᠬᠡᠨ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠰᠢᠰᠲ᠋ᠧᠮ ᠲᠠᠢ᠂ ᠯᠠᠪᠳᠠᠭᠤᠨ ᠪᠠᠲᠤᠲᠠᠢ᠂ ᠪᠦᠲᠦᠮᠵᠢᠲᠡᠶ ᠬᠡᠷᠡᠭᠵᠢᠭᠦᠯᠦᠭᠳᠡᠬᠦ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠭᠠᠨ᠎ᠠ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号