ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/17
     4 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 9 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠢᠳᠡᠭᠡᠨ ᠤ ᠠᠮᠤᠷ ᠲᠦᠪᠰᠢᠨ ᠤ ᠵᠥᠪᠯᠡᠯ ᠤᠨ 2024 ᠣᠨ ᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠰᠣᠨᠣᠰᠴᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠢ ᠲᠠᠨᠢᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠬᠤ ᠪᠠ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ᠂ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠮᠠᠨ ᠤ ᠰᠢᠶᠠᠨ ᠤ 2024 ᠣᠨ ᠤ ᠪᠦᠬᠦ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ ᠬᠦᠯᠢᠶᠡᠨ ᠠᠪᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠢᠳᠡᠰᠢᠨ ᠨᠣᠭᠤᠭ᠎ᠠ︾ ᠶᠢᠨ ᠢᠨᠵᠧᠨᠧᠷᠢᠩ ᠪᠣᠯ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠨᠠᠭᠰᠢᠳᠠ ᠴᠢᠯᠦᠭᠡᠯᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠭᠦᠢᠴᠡᠳ ᠤᠶᠠᠯᠳᠤᠭᠤᠯᠵᠤ᠂ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠪᠡᠯᠡᠳᠭᠡᠮᠵᠢᠳᠤ ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ ᠶᠢ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠪᠣᠯᠭᠠᠨ ᠪᠡᠶᠡᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠮᠠᠨ ᠤ ᠰᠢᠶᠠᠨ ᠤ ᠪᠡᠯᠡᠳᠭᠡᠮᠵᠢᠳᠤ ᠢᠳᠡᠰᠢᠨ ᠨᠣᠭᠤᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠮᠠᠨ ᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠭᠠᠷᠳᠠᠴᠠ ᠪᠣᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠯ᠎ᠡ ᠵᠦᠢᠯ ᠤᠨ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠰᠢᠨ᠎ᠡ ᠱᠠᠲᠤ ᠦᠶ᠎ᠡ ᠳᠠᠬᠢ ᠠᠷᠠᠳ ᠣᠯᠠᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠳᠤ ᠨᠠᠩ ᠰᠠᠶᠢᠲᠤᠷ ᠬᠠᠷᠢᠭᠤᠯᠲᠠ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号