ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠦ ᠤᠯᠠᠷᠢᠯ ᠳᠤ ᠮᠠᠨ ᠤ ᠣᠷᠣᠨ ︽ᠲᠦᠷᠦᠯ ᠵᠦᠢᠯ ᠬᠠᠮᠤᠭ ᠤᠨ | ᠴᠢᠬᠤᠯᠠ︾ ᠪᠠᠶᠢᠬᠤ ᠶᠢ ᠪᠠᠷᠢᠮᠲᠠᠯᠠᠨ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ | ᠠᠬᠢᠭᠤᠯᠤᠭᠰᠠᠨ ᠢᠶᠠᠷ ᠪᠦᠭᠦ ᠣᠷᠣᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠰᠠᠶᠢᠨ | ᠡᠭᠢᠯᠡᠯᠳᠡ ᠶᠢ ᠪᠡᠶᠡᠯᠡᠭᠦᠯᠵᠦ᠂ ᠲᠦᠷᠦᠭᠦᠦ ᠤᠯᠠᠷᠢᠯ ᠤᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠶᠢᠨ | ᠰᠠᠶᠢᠨ ᠡᠭᠢᠯᠡᠯᠳᠡ ᠲᠠᠢ ᠪᠠᠶᠢᠬᠤ ᠳᠤ ᠪᠠᠲᠤ ᠰᠠᠭᠤᠷᠢ ᠲᠠᠯᠪᠢᠵᠠᠢ᠃ | ᠪᠦᠭᠦ ᠣᠷᠣᠨ ᠤ ᠡᠯ᠎ᠡ ᠭᠠᠵᠠᠷ ᠤᠨ ᠬᠢᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠳᠠᠩᠰᠠ | ᠲᠤᠰᠢᠶᠠᠬᠤ ᠤᠬᠠᠮᠰᠠᠷ᠂ ᠦᠷ᠎ᠡ ᠪᠦᠲᠦᠭᠡᠯ ᠣᠯᠬᠤ ᠤᠬᠠᠮᠰᠠᠷ ᠢ ᠪᠠᠲᠤ ᠪᠤᠢ ᠪᠣᠯᠭᠠᠨ᠂ ᠥᠷᠯᠥᠭᠡ ᠦᠳᠡᠰᠢ ᠶᠢ | ᠲᠡᠮᠡᠴᠡᠬᠦ ᠵᠣᠷᠢᠭ ᠰᠠᠨᠠᠭ᠎ᠠ ᠪᠠᠷ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠲᠣᠭᠲᠠᠴᠠ᠂ ᠵᠣᠬᠢᠴᠠᠭᠤᠯᠬᠤ ᠲᠣᠭᠲᠠᠴᠠ᠂ ᠨᠠᠷᠢᠯᠢᠭ ᠲᠣᠬᠢᠷᠠᠭᠤᠯᠬᠤ ᠲᠣᠭᠲᠠᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠂ ᠡᠪᠦᠯ ᠤᠨ ᠰᠡᠯᠡᠭᠦᠦ ᠤᠯᠠᠷᠢᠯ ᠢ ᠶᠠᠭᠠᠷᠠᠤ ᠤᠯᠠᠷᠢᠯ ᠪᠣᠯᠭᠠᠨ ᠬᠤᠪᠢᠷᠠᠭᠤᠯᠵᠤ᠂ ︽ᠡᠪᠦᠯ ᠳᠡᠭᠡᠨ | ᠶᠠᠪᠤᠭᠳᠠᠵᠤ ᠪᠤᠯᠬᠤ ᠪᠠᠷᠢᠯᠭ᠎ᠠ︾ ᠶᠢ ᠬᠦᠴᠦᠯᠡᠨ ᠠᠬᠢᠭᠤᠯᠵᠤ᠂ ᠰᠢᠨ᠎ᠡ ᠪᠠᠷ ᠪᠦᠲᠦᠭᠡᠨ ᠪᠠᠶᠢᠭᠤᠯᠬᠤ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠪᠦᠭᠦ ᠬᠦᠴᠦᠨ ᠢᠶᠠᠷ ᠠᠬᠢᠭᠤᠯᠵᠠᠢ᠃ | ᠪᠦᠭᠦ ᠣᠷᠣᠨ ᠤ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠲᠠᠢ ᠪᠠᠷ ᠦᠢᠯᠡᠴᠢᠯᠡᠵᠦ | ᠤᠭᠲᠤᠵᠤ ᠦᠢᠯᠡᠴᠢᠯᠡᠨ᠂ ᠭᠤᠣᠯ ᠪᠤᠯᠬᠤ ᠡᠮᠦᠨᠡᠬᠢ ᠬᠤᠭᠤᠴᠠᠭᠠᠨ ᠤ ᠭᠠᠷᠳᠠᠮ ᠤᠨ ᠠᠬᠢᠴᠠ ᠶᠢᠨ ᠡᠬᠡ ᠳᠠᠩᠰᠠ | ᠪᠠᠶᠢᠭᠤᠯᠵᠤ᠂ ᠪᠦᠭᠦ ᠲᠠᠯ᠎ᠠ ᠪᠠᠷ ᠪᠦᠭᠦ ᠶᠠᠪᠤᠴᠠ ᠪᠠᠷ ᠮᠦᠷᠳᠡᠨ ᠠᠬᠢᠭᠤᠯᠤᠭᠰᠠᠨ ᠢᠶᠠᠷ ᠬᠢᠨᠠᠨ ᠵᠥᠪᠰᠢᠶᠡᠷᠡᠬᠦ ᠴᠠᠭ ᠢ | ᠪᠣᠭᠤᠨᠢᠰᠬᠠᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠤ᠂ 3 ᠰᠠᠷ᠎ᠠ ᠶᠢᠨ ᠰᠡᠭᠦᠯᠴᠢ ᠪᠤᠯᠳᠠᠯ᠎ᠠ | ᠪᠦᠭᠦ ᠣᠷᠣᠨ ᠤ 1453 ᠰᠢᠨ᠎ᠡ ᠪᠠᠷ ᠪᠦᠲᠦᠭᠡᠨ ᠪᠠᠶᠢᠭᠤᠯᠬᠤ ᠴᠢᠬᠤᠯᠠ ᠶᠡᠭᠡ ᠲᠦᠷᠦᠯ ᠵᠦᠢᠯ ᠠᠴᠠ 8 ᠵᠦᠢᠯ | ᠤᠨ ᠴᠢᠬᠤᠯᠠ ᠭᠠᠷᠳᠠᠮ ᠢ ᠪᠦᠭᠦᠨ ᠢ ᠭᠦᠢᠴᠡᠳᠬᠡᠭᠰᠡᠨ ᠨᠢ 1315 ᠪᠠᠶᠢᠵᠤ᠂ ᠭᠦᠢᠴᠡᠳᠬᠡᠭᠰᠡᠨ ᠨᠤᠷᠮ᠎ᠠ ᠨᠢ 90. | 5% ᠳᠤ ᠭᠦᠷᠪᠠ᠃ | ᠡᠨᠡ ᠵᠢᠯ ᠮᠠᠨ ᠤ ᠣᠷᠣᠨ ᠶᠡᠷᠦᠩᠬᠡᠢ ᠪᠡᠯᠡ ᠤᠷᠤᠭᠤᠯᠤᠯᠳᠠ ᠨᠢ 3.5 ᠲᠦᠮᠡᠨ ᠳ᠋ᠦᠩᠰᠢᠭᠤᠷ ᠲᠥᠭᠦᠷᠢᠭ | ᠲᠤ ᠬᠦᠷᠬᠦ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ 5000 ᠲᠦᠮᠡᠨ ᠲᠥᠭᠦᠷᠢᠭ ᠠᠴᠠ ᠳᠡᠭᠡᠭᠰᠢᠬᠢ᠂ | ᠠᠵᠤ ᠠᠬᠤᠶᠢᠯᠠᠯ ᠤᠨ ᠪᠡᠯᠡ ᠣᠷᠣᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 3095 ᠴᠢᠬᠤᠯᠠ | ᠶᠡᠭᠡ ᠲᠦᠷᠦᠯ ᠵᠦᠢᠯ ᠢ ᠬᠡᠷᠡᠭᠵᠢᠭᠦᠯᠦᠨ᠂ ᠡᠨᠡ ᠵᠢᠯ 9158 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ | ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ 3 ᠰᠠᠷ᠎ᠠ ᠶᠢᠨ ᠰᠡᠭᠦᠯᠴᠢ ᠪᠤᠯᠳᠠᠯ᠎ᠠ᠂ ᠡᠳᠡᠭᠡᠷ ᠴᠢᠬᠤᠯᠠ ᠶᠡᠭᠡ | ᠲᠦᠷᠦᠯ ᠵᠦᠢᠯ ᠠᠴᠠ 2766 ᠲᠦᠷᠦᠯ ᠵᠦᠢᠯ ᠨᠢ ᠪᠠᠷᠢᠯᠭ᠎ᠠ ᠪᠠᠨ ᠡᠬᠢᠯᠡᠭᠦᠯᠦᠭᠰᠡᠨ ᠪᠤᠶᠤ ᠰᠡᠷᠭᠦᠭᠡᠵᠦ᠂ ᠪᠠᠷᠢᠯᠭ᠎ᠠ | ᠪᠠᠨ ᠡᠬᠢᠯᠡᠭᠦᠯᠵᠦ ᠰᠡᠷᠭᠦᠭᠡᠭᠰᠡᠨ ᠨᠤᠷᠮ᠎ᠠ 89.4% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ | ᠠᠴᠠ 53.8% ᠪᠠᠷ ᠨᠡᠮᠡᠭᠳᠡᠵᠦ᠂ ᠵᠢᠯ ᠤᠨ ᠡᠭᠦᠷᠭᠡ ᠶᠢᠨ ᠢᠶᠠᠨ 21% ᠶᠢ ᠪᠡᠶᠡᠯᠡᠭᠦᠯᠪᠡ᠃ ᠴᠢᠬᠤᠯᠠ ᠶᠡᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ ᠠᠭᠢᠬᠤ ᠶᠢ ᠳᠠᠭᠠᠯᠳᠤᠨ 1 - 2 ᠰᠠᠷ᠎ᠠ ᠳᠤ ᠪᠦᠭᠦ | ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ 31.8% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠪᠠᠷ ᠪᠦᠭᠦ ᠤᠯᠤᠰ ᠲᠤ ᠳᠡᠳ᠋ᠯᠡᠪᠡ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠠᠴᠠ ︽ᠠᠷᠠᠯᠵᠢᠶᠠᠴᠢᠨ ᠤᠷᠢᠬᠤ ᠶᠢ ᠠᠳᠬᠤᠬᠤ᠂ | ᠲᠦᠷᠦᠯ ᠵᠦᠢᠯ ᠨᠥᠭᠡᠴᠡᠯᠡᠬᠦ ᠶᠢ ᠠᠳᠬᠤᠬᠤ᠂ ᠡᠮᠦᠨᠡᠬᠢ ᠬᠤᠭᠤᠴᠠᠭᠠᠨ ᠤ ᠭᠠᠷᠳᠠᠮ ᠢ ᠠᠳᠬᠤᠬᠤ᠂ ᠪᠠᠷᠢᠯᠭ᠎ᠠ ᠡᠬᠢᠯᠡᠬᠦ | ᠶᠢ ᠠᠳᠬᠤᠬᠤ᠂ ᠠᠬᠢᠴᠠ ᠶᠢ ᠠᠳᠬᠤᠬᠤ᠂ ᠪᠡᠯᠡ ᠤᠷᠤᠭᠤᠯᠤᠯᠳᠠ ᠶᠢ ᠠᠳᠬᠤᠬᠤ᠂ ᠪᠦᠷᠢᠳᠬᠡᠯ ᠢ ᠠᠳᠬᠤᠬᠤ︾ ᠶᠢ | ᠦᠷᠭᠦᠯᠵᠢᠯᠡᠨ ᠰᠠᠶᠢᠲᠤᠷ ᠠᠬᠢᠭᠤᠯᠵᠤ᠂ ᠠᠵᠠ ᠳᠤᠭᠢᠶᠠᠯ ᠢ ᠠᠮᠵᠢᠭᠤᠯᠵᠤ ᠴᠢᠬᠤᠯᠠ ᠶᠡᠭᠡ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠂ ᠪᠦᠭᠦ ᠣᠷᠣᠨ ᠤ ᠲᠣᠭᠲᠠᠮᠠᠯ | ᠬᠥᠷᠥᠩᠭᠡ ᠶᠢᠨ ᠪᠡᠯᠡ ᠤᠷᠤᠭᠤᠯᠤᠯᠳᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠮᠦᠨ᠎ᠡ ᠭᠤᠷᠪᠠᠨ ᠵᠢᠯ ᠳᠤ | ᠵᠠᠯᠭᠠᠭ᠎ᠠ ᠪᠠᠷ ᠶᠡᠭᠡ ᠪᠠᠷ ᠨᠡᠮᠡᠭᠳᠡᠭᠰᠡᠨ ᠰᠠᠭᠤᠷᠢᠨ ᠳᠡᠭᠡᠷ᠎ᠡ ᠡᠨᠡ ᠵᠢᠯ 15% ᠪᠠᠷ ᠨᠡᠮᠡᠭᠳᠡᠭᠦᠯᠬᠦ ᠪᠠᠷ ᠲᠥᠯᠥᠪᠯᠡᠵᠦ | ᠪᠠᠶᠢᠨ᠎ᠠ᠃ ᠡᠭᠦᠨ ᠤ ᠬᠠᠮᠲᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ᠂ ᠮᠠᠰᠢ ᠤᠷᠳᠤ ᠬᠤᠭᠤᠴᠠᠭᠠᠨ | ᠤ ᠤᠯᠤᠰ ᠤᠨ ᠤᠨᠴᠠᠭᠠᠢ ᠵᠢᠭᠡᠯᠡᠯᠭᠡ ᠵᠡᠷᠭᠡ ᠤᠯᠤᠰ ᠤᠨ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠡᠯᠡ | ᠤᠷᠤᠭᠤᠯᠤᠯᠳᠠ ᠶᠢᠨ ᠴᠢᠭᠯᠡᠯ ᠲᠠᠢ ᠤᠶᠠᠯᠳᠤᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠤᠯᠤᠰ ᠤᠨ | ᠪᠠᠶᠢᠯᠳᠤᠬᠤ ᠪᠣᠳᠣᠯᠭ᠎ᠠ ᠳᠤ ᠨᠡᠶᠢᠴᠡᠭᠦᠯᠦᠨ᠂ ᠪᠡᠯᠡ ᠤᠷᠤᠭᠤᠯᠬᠤ ᠬᠡᠷᠡᠭᠴᠡᠭᠡᠨ ᠤ ᠪᠦᠲᠦᠴᠡ ᠶᠢᠨ ᠴᠢᠨᠠᠷᠲᠠᠢ | ᠬᠤᠪᠢᠷᠠᠯᠲᠠ ᠳᠤ ᠵᠣᠬᠢᠴᠠᠭᠤᠯᠵᠤ᠂ ᠲᠦᠷᠦᠯ ᠵᠦᠢᠯ ᠢ ᠲᠥᠰᠥᠪᠯᠡᠨ ᠨᠤᠲᠠᠯᠠᠬᠤ ᠠᠵᠢᠯ ᠢ ᠴᠢᠩᠭᠠᠳᠬᠠᠨ᠂ ᠨᠢᠭᠡ | ᠪᠦᠯᠦᠭ ᠨᠠᠶᠢᠳᠠᠪᠤᠷᠢᠵᠢᠭᠤᠯᠤᠨ ᠬᠡᠷᠡᠭᠵᠢᠭᠦᠯᠵᠦ ᠪᠤᠯᠬᠤ ᠴᠢᠬᠤᠯᠠ ᠶᠡᠭᠡ ᠲᠦᠷᠦᠯ ᠵᠦᠢᠯ ᠢ ᠲᠥᠰᠥᠪᠯᠡᠨ | ᠨᠥᠭᠡᠴᠡᠯᠡᠵᠦ᠂ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ | ᠨᠡᠮᠡᠭᠳᠡᠬᠦ ᠳᠤ ᠰᠠᠭᠤᠷᠢ ᠲᠠᠯᠪᠢᠨ᠂ ︽ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠳᠤ ᠴᠢᠬᠤᠯᠠ | ᠲᠤᠯᠭᠠᠭᠤᠷᠢᠯᠠᠯ ᠬᠠᠩᠭᠠᠬᠤ ᠪᠣᠯᠣᠨ᠎ᠠ᠃ | | | |