ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠵᠤᠨ ᠤ ᠤᠯᠠᠷᠢᠯ ᠤᠨ ᠠᠶᠠᠯᠠᠯ ᠤᠨ ᠱᠤᠭᠤᠮ  ᠢᠶᠠᠨ 320 ᠵᠤᠷᠪᠤᠰ ᠲᠤ ᠬᠦᠷᠭᠡᠪᠡ
ᠨᠡᠶᠢᠲᠡᠯᠡᠭᠰᠡᠨ ᠴᠠᠭ᠄
2024/4/17
     ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠡᠨᠡ ᠵᠢᠯ ᠤᠨ ᠵᠣᠨ ᠤ ᠤᠯᠠᠷᠢᠯ ᠤᠨ ᠠᠭᠠᠷ  ᠤᠨ ᠠᠶᠠᠯᠠᠯ ᠤᠨ ᠱᠤᠭᠤᠮ ᠢᠶᠠᠨ 320 ᠵᠤᠷᠪᠤᠰ ᠲᠤ ᠬᠦᠷᠭᠡᠵᠦ᠂ ᠡᠳᠦᠷ ᠳᠤᠮᠳᠠᠴᠢ ᠪᠠᠷ 1023 ᠨᠢᠰᠬᠡᠯ ᠤᠳᠠᠭ᠎ᠠ ᠨᠢᠰᠴᠦ ᠪᠠᠭᠤᠬᠤ ᠶᠢ ᠪᠠᠲᠤᠯᠠᠨ᠂ 99 ᠬᠤᠲᠠ ᠳᠤ ᠠᠶᠠᠨᠴᠢᠳ ᠤᠨ ᠨᠢᠰᠬᠡᠯ ᠨᠡᠪᠲᠡᠷᠡᠭᠦᠯᠪᠡ᠃      ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠤᠯᠤᠰ ᠤᠨ ᠠᠭᠠᠷ ᠤᠨ ᠠᠶᠠᠯᠠᠯ᠂ ᠳᠣᠷᠣᠨᠠᠲᠤ  ᠶᠢᠨ ᠠᠭᠠᠷ ᠤᠨ ᠠᠶᠠᠯᠠᠯ᠂ ᠰᠠᠨᠰᠠᠷ ᠤᠨ ᠠᠶᠠᠯᠠᠯ᠂ ᠴᠧᠩᠳᠦ᠋ ᠶᠢᠨ ᠠᠭᠠᠷ ᠤᠨ ᠠᠶᠠᠯᠠᠯ᠂ ᠬᠤᠸᠠ ᠰᠢᠶᠠ ᠠᠭᠠᠷ ᠤᠨ ᠠᠶᠠᠯᠠᠯ ᠵᠡᠷᠭᠡ ᠠᠭᠠᠷ ᠤᠨ ᠠᠶᠠᠯᠠᠯ ᠤᠨ ᠺᠤᠮᠫᠠᠨᠢ ᠲᠠᠢ ᠡᠬᠢ ᠪᠠᠶᠠᠯᠢᠭ ᠢ ᠠᠰᠢᠭᠯᠠᠬᠤ᠂ ᠵᠥᠭᠡᠭᠡᠪᠦᠷᠢ ᠶᠢᠨ ᠴᠢᠳᠠᠪᠤᠷᠢ  ᠶᠢ ᠳᠡᠭᠡᠭᠰᠢᠯᠡᠭᠦᠯᠭᠦ᠂ ᠠᠶᠠᠯᠠᠯ ᠤᠨ ᠱᠤᠭᠤᠮ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠤᠯᠠᠨ ᠤᠳᠠᠭ᠎ᠠ ᠬᠠᠮᠲᠤᠷᠠᠯᠴᠠᠭ᠎ᠠ ᠬᠢᠵᠦ᠂ ᠪᠦᠭᠦ ᠣᠷᠣᠨ ᠤ ᠵᠤᠨ ᠤ ᠤᠯᠠᠷᠢᠯ ᠤᠨ ᠠᠶᠠᠯᠠᠯ ᠤᠨ ᠱᠤᠭᠤᠮ ᠤᠨ ᠲᠣᠣᠷ ᠤᠨ ᠨᠡᠪᠲᠡᠷᠡᠬᠦ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃ ᠠᠶᠠᠯᠠᠯ ᠤᠨ ᠱᠤᠭᠤᠮ ᠤᠨ ᠪᠦᠲᠦᠴᠡ ᠶᠢᠨ ᠲᠠᠯ᠎ᠠ ᠪᠠᠷ᠂ ᠭᠦᠭᠡᠬᠤᠲᠠ ᠶᠢᠨ ᠨᠢᠰᠬᠡᠯ ᠤᠨ ᠪᠠᠭᠤᠳᠠᠯ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠴᠧᠩᠳᠦ᠋ ᠴᠦᠩᠴᠢᠩ ᠤᠨ ᠬᠤᠲᠠ ᠶᠢᠨ ᠪᠦᠯᠦᠭᠵᠢᠯ ᠵᠢᠴᠢ ᠭᠤᠣᠯᠳᠠᠯᠭ᠎ᠠ ᠲᠠᠢ ᠵᠢᠭᠤᠯᠴᠢᠯᠠᠯ  ᠤᠨ ᠬᠤᠲᠠ ᠳᠤ ᠬᠦᠷᠬᠦ ᠡᠭᠡᠯᠵᠢ ᠶᠢᠨ ᠨᠢᠰᠬᠡᠯ ᠤᠨ ᠲᠤᠭ᠎ᠠ ᠶᠢ ᠦᠷᠭᠦᠯᠵᠢᠯᠡᠨ ᠨᠡᠮᠡᠭᠳᠡᠭᠦᠯᠵᠦ᠂ ︽ᠭᠦᠭᠡᠬᠤᠲᠠ ᠰᠠᠯᠪᠤᠷᠢ ᠱᠤᠭᠤᠮ︾ ᠤᠨ ᠡᠭᠡᠯᠵᠢ ᠶᠢᠨ ᠨᠢᠰᠬᠡᠯ ᠤᠨ ᠲᠤᠭ᠎ᠠ ᠶᠢ ᠰᠢᠯᠢᠳᠡᠭᠵᠢᠭᠦᠯᠦᠨ ᠡᠳᠦᠷ ᠳᠤᠮᠳᠠᠴᠢ ᠪᠠᠷ 77 ᠡᠭᠡᠯᠵᠢ ᠪᠣᠯᠭᠠᠪᠠ᠃ ᠣᠯᠠᠨ ᠤᠯᠤᠰ ᠤᠨ ᠪᠠ ᠭᠠᠵᠠᠷ ᠣᠷᠣᠨ ᠤ ᠠᠶᠠᠯᠠᠯ ᠤᠨ ᠱᠤᠭᠤᠮ ᠢ ᠡᠮᠬᠢ ᠵᠢᠷᠤᠮ ᠲᠠᠢ ᠰᠡᠷᠭᠦᠭᠡᠵᠦ᠂ ᠨᠡᠶᠢᠲᠡ 6 ᠵᠤᠷᠪᠤᠰ ᠠᠶᠠᠯᠠᠯ ᠤᠨ ᠱᠤᠭᠤᠮ ᠢ ᠨᠡᠪᠲᠡᠷᠡᠭᠦᠯᠪᠡ᠃ ᠡᠭᠦᠨ ᠤ ᠬᠠᠮᠲᠤ ᠭᠦᠭᠡᠬᠤᠲᠠ ᠶᠢᠨ ᠪᠠᠷᠠᠭᠠᠨ ᠤ ᠨᠢᠰᠬᠡᠯ ᠤᠨ ᠲᠡᠭᠡᠭᠡᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠨ ᠰᠢᠯᠢᠳᠡᠭᠵᠢᠭᠦᠯᠵᠦ᠂ ᠡᠳᠦᠷ ᠪᠦᠷᠢ 1 ᠡᠭᠡᠯᠵᠢ ᠶᠢᠨ ᠭᠦᠭᠡᠬᠤᠲᠠ - ᠵᠧᠩᠵᠧᠦ ᠬᠦᠷᠬᠦ ᠪᠠᠷᠠᠭᠠᠨ ᠤ ᠨᠢᠰᠬᠡᠯ ᠤᠨ ᠠᠶᠠᠯᠠᠯ ᠤᠨ ᠱᠤᠭᠤᠮ ᠢ ᠰᠢᠨ᠎ᠡ ᠪᠠᠷ ᠨᠡᠮᠡᠵᠦ᠂ ᠭᠦᠭᠡᠬᠤᠲᠠ -  ᠤᠯᠠᠭᠠᠨᠪᠠᠭᠠᠲᠤᠷ ᠬᠦᠷᠬᠦ ᠤᠯᠠᠨ ᠤᠯᠤᠰ ᠤᠨ ᠪᠠᠷᠠᠭᠠᠨ ᠤ ᠨᠢᠰᠬᠡᠯ ᠤᠨ ᠠᠶᠠᠯᠠᠯ ᠤᠨ ᠱᠤᠭᠤᠮ ᠢ ᠰᠡᠷᠭᠦᠭᠡᠨ ᠡᠵᠡᠩᠨᠡᠵᠦ᠂ ᠭᠠᠷᠠᠭ ᠪᠦᠷᠢ 3 ᠡᠭᠡᠯᠵᠢ ᠶᠠᠪᠤᠭᠤᠯᠬᠤ  ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号