ᠮᠠᠨ ᠤ ᠣᠷᠣᠨ ᠭᠡᠷ ᠭᠠᠵᠠᠷ ᠤᠨ ᠬᠥᠷᠥᠩᠭᠡ ᠶᠢᠨ ᠲᠦᠷᠦᠭᠦᠦ ᠪᠦᠯᠦᠭ ᠤᠨ ︽ᠢᠲᠡᠭᠡᠮᠵᠢᠲᠦ ᠳᠠᠩᠰᠠ︾  ᠶᠢᠨ ᠲᠥᠷᠥᠯ ᠵᠦᠢᠯ ᠤᠨ ᠵᠢᠭᠡᠯᠡᠯᠭᠡ ᠶᠢ ᠪᠣᠳᠠᠲᠠᠢ ᠳᠤ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/4/17
     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ  ᠶᠢᠨ ᠲᠢᠩᠬᠢᠮ ᠤᠨ ᠰᠢᠯᠭᠠᠷᠠᠭᠤᠯᠤᠯᠲᠠ ᠪᠠᠷ ᠳᠠᠮᠵᠢᠨ᠂ 3 ᠰᠠᠷ᠎ᠠ ᠶᠢᠨ ᠰᠡᠭᠦᠯᠴᠢ ᠪᠤᠯᠲᠠᠯ᠎ᠠ ᠪᠦᠭᠦ ᠣᠷᠣᠨ ᠤ ᠡᠯ᠎ᠡ ᠠᠶᠢᠮᠠᠭ ᠬᠤᠲᠠ ᠶᠢᠨ ᠳᠡᠪᠰᠢᠭᠦᠯᠦᠭᠰᠡᠨ 161 ᠭᠡᠷ ᠭᠠᠵᠠᠷ ᠤᠨ ᠬᠥᠷᠥᠩᠭᠡ ᠶᠢᠨ ᠪᠡᠯᠡ ᠬᠤᠷᠠᠮᠳᠤᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ︽ᠢᠲᠡᠭᠡᠮᠵᠢᠲᠦ ᠳᠠᠩᠰᠠ︾ ᠶᠢᠨ ᠲᠥᠷᠥᠯ ᠵᠦᠢᠯ ᠠᠴᠠ 77 ᠲᠦᠷᠦᠯ ᠵᠦᠢᠯ ᠢ ᠲᠦᠷᠦᠭᠦᠦ ᠪᠦᠯᠦᠭ ᠤᠨ ᠨᠠᠷᠢᠨ ᠳᠠᠩᠰᠠᠨ ᠳᠤ ᠣᠷᠣᠭᠤᠯᠵᠤ᠂ ᠪᠡᠯᠡ ᠬᠤᠷᠠᠮᠳᠤᠭᠤᠯᠭ᠎ᠠ ᠶᠢᠨ ᠶᠡᠷᠦᠩᠬᠡᠢ ᠬᠡᠷᠡᠭᠴᠡᠭᠡ ᠱᠠᠭᠠᠷᠳᠠᠯᠭ᠎ᠠ 94.3 ᠳ᠋ᠦᠩᠰᠢᠭᠤᠷ ᠲᠥᠭᠦᠷᠢᠭ ᠲᠤ ᠭᠦᠷᠴᠠᠢ; 16 ᠲᠥᠷᠥᠯ ᠵᠦᠢᠯ ᠤᠨ ᠰᠢᠨ᠎ᠡ ᠪᠠᠷ ᠨᠡᠮᠡᠭᠳᠡᠭᠰᠡᠨ ᠪᠡᠯᠡ ᠬᠤᠷᠠᠮᠳᠤᠭᠤᠯᠭ᠎ᠠ ᠶᠢᠨ ᠢᠲᠡᠭᠡᠮᠵᠢᠲᠦ ᠵᠢᠭᠡᠯᠡᠯᠭᠡ ᠶᠢᠨ ᠲᠤᠭ᠎ᠠ 31.6 ᠳ᠋ᠦᠩᠰᠢᠭᠤᠷ ᠲᠥᠭᠦᠷᠢᠭ  ᠲᠤ ᠬᠦᠷᠴᠦ᠂ ᠡᠭᠦᠨ ᠳᠤ 8 ᠲᠥᠷᠥᠯ ᠵᠦᠢᠯ ᠳᠤ ᠨᠡᠶᠢᠲᠡ 9.779 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃      ᠬᠤᠲᠠ ᠶᠢᠨ ᠭᠡᠷ ᠭᠠᠵᠠᠷ ᠤᠨ ᠬᠥᠷᠥᠩᠭᠡ ᠶᠢᠨ ᠪᠡᠯᠡ ᠬᠤᠷᠠᠮᠳᠤᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠣᠯᠣᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠲᠠ ᠬᠠᠮᠲᠤᠷᠠᠯᠴᠠᠨ᠂ ᠬᠤᠲᠠ ᠶᠢᠨ ᠭᠡᠷ ᠭᠠᠵᠠᠷ  ᠤᠨ ᠬᠥᠷᠥᠩᠭᠡ ᠶᠢᠨ ᠪᠡᠯᠡ ᠬᠤᠷᠠᠮᠳᠤᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠂ ᠠᠳᠠᠯᠢ ᠪᠤᠰᠤ ᠥᠮᠴᠢᠯᠡᠯ ᠤᠨ ᠭᠡᠷ ᠭᠠᠵᠠᠷ  ᠤᠨ ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠬᠤᠷᠠᠮᠳᠤᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠵᠤ᠂ ᠭᠡᠷ ᠭᠠᠵᠠᠷ ᠤᠨ ᠬᠥᠷᠥᠩᠭᠡ ᠶᠢᠨ ᠲᠥᠷᠥᠯ ᠵᠦᠢᠯ ᠤᠨ ᠪᠡᠯᠡ ᠬᠤᠷᠠᠮᠳᠤᠭᠤᠯᠭ᠎ᠠ ᠶᠢᠨ ᠬᠦᠴᠢᠷᠳᠡᠯ ᠢ ᠪᠦᠭᠦ ᠬᠦᠴᠦᠨ ᠢᠶᠠᠷ ᠢᠶᠠᠨ ᠰᠢᠢᠳᠪᠦᠷᠢᠯᠡᠨ᠂ ᠥᠪᠡᠷᠲᠡᠭᠡᠨ ᠵᠠᠰᠠᠬᠤ ᠣᠷᠣᠨ ᠤ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠵᠤ ᠪᠤᠢ᠃      ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠨᠢᠭᠡᠨᠲᠡ ᠨᠠᠷᠢᠨ ᠳᠠᠩᠰᠠ ᠳᠤ ᠣᠷᠣᠭᠤᠯᠤᠭᠰᠠᠨ ᠲᠦᠷᠦᠭᠦᠦ ᠪᠦᠯᠦᠭ ᠲᠥᠷᠥᠯ ᠵᠦᠢᠯ ᠳᠤ ᠴᠢᠭᠯᠡᠭᠦᠯᠦᠨ᠂ ᠡᠯ᠎ᠡ ᠠᠶᠢᠮᠠᠭ ᠬᠤᠲᠠ ᠶᠢᠨ  ᠬᠢᠨ ᠢ ᠬᠥᠲᠥᠯᠥᠨ ᠵᠢᠯᠤᠭᠤᠳᠴᠤ᠂ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠪᠠᠩᠬᠢ ᠠᠵᠤ ᠠᠬᠤᠶᠢᠯᠠᠯ ᠤᠨ ᠢᠲᠡᠭᠡᠯᠴᠡᠭᠡ ᠶᠢ ᠨᠢᠭᠲᠠᠷᠠᠭᠤᠯᠤᠨ᠂ ᠪᠡᠯᠡ ᠬᠤᠷᠠᠮᠳᠤᠭᠤᠯᠭ᠎ᠠ ᠶᠢ ᠪᠣᠳᠠᠲᠠᠶᠢᠵᠢᠭᠤᠯᠬᠤ ᠶᠢ ᠢᠳᠡᠪᠬᠢᠲᠡᠢ ᠠᠬᠢᠭᠤᠯᠬᠤ  ᠶᠢᠨ ᠬᠠᠮᠲᠤ᠂ ᠨᠢᠭᠡᠨᠲᠡ ᠰᠢᠨ᠎ᠡ ᠪᠠᠷ ᠨᠡᠮᠡᠭᠳᠡᠭᠰᠡᠨ ᠪᠡᠯᠡ ᠬᠤᠷᠠᠮᠳᠤᠭᠤᠯᠭ᠎ᠠ ᠶᠢᠨ ᠲᠥᠷᠥᠯ ᠵᠦᠢᠯ ᠢ ᠱᠠᠯᠠᠪᠳᠠᠭᠤᠯᠵᠤ᠂ ᠪᠡᠯᠡ ᠮᠥᠩᠭᠦ ᠶᠢ ᠪᠢᠲᠡᠭᠦᠮᠵᠢᠯᠡᠨ ᠠᠵᠢᠯᠯᠠᠭᠤᠯᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠥᠷᠥᠯ ᠵᠦᠢᠯ ᠢ ᠡᠮᠬᠢ ᠵᠢᠷᠤᠮ ᠲᠠᠢ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号