ᠡᠨᠡ ᠵᠢᠯ ᠤᠨ ᠬᠠᠪᠤᠷ ᠠᠴᠠ ᠨᠠᠰᠢ᠂ ᠬᠠᠷᠠᠭᠤᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ︽ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ︾ ᠶᠢ ᠪᠠᠷᠢᠮᠲᠠᠯᠠᠵᠤ᠂ ᠦᠴᠦᠸᠠᠨ ᠰᠢᠶᠠᠨ ᠤ ︽ᠬᠤᠶᠠᠷ | ᠪᠤᠭᠤᠳᠠᠢ ᠨᠢᠭᠡ ᠲᠥᠮᠥᠰᠥ︾ ᠶᠢᠨ ᠪᠠᠶᠢᠷᠢ ᠲᠣᠭᠲᠠᠭᠠᠯᠲᠠ ᠬᠠᠷᠠᠯᠲᠠ ᠶᠢᠨ ᠲᠣᠭᠤᠷᠢᠨ ᠳᠤ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠦᠴᠦᠯᠡᠨ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠪᠠ ᠲᠠᠷᠢᠶᠠᠯᠠᠩ ᠤᠨ ᠮᠠᠰᠢᠨ ᠢ ᠪᠠᠲᠤᠯᠠᠬᠤ ᠠᠵᠢᠯ ᠢ | ᠢᠳᠡᠪᠬᠢᠲᠡᠢ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠪᠠ ᠰᠢᠯᠵᠢᠭᠦᠯᠦᠨ | ᠲᠡᠭᠡᠭᠡᠪᠦᠷᠢᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠬᠤ᠂ | ᠰᠢᠯᠵᠢᠭᠦᠯᠦᠨ ᠲᠣᠬᠢᠷᠠᠭᠤᠯᠬᠤ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ | ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨ ᠬᠦ ᠪᠠᠲᠤᠯᠠᠵᠤ᠂ ᠪᠦᠬᠦ | ᠪᠠᠯᠭᠠᠰᠤᠨ ᠤ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠪᠦᠬᠦ | ᠬᠦᠴᠦᠨ ᠢᠶᠠᠷ ᠢᠶᠠᠨ ᠨᠥᠬᠦᠴᠡᠯ ᠪᠦᠷᠢᠯᠳᠦᠭᠦᠯᠵᠦ ᠥᠭᠪᠡ᠃ | | | | | | ᠬᠠᠷᠠᠭᠤᠯ ᠪᠠᠯᠭᠠᠰᠤᠨ ᠤ ᠴᠧ ᠫᠦᠦ ᠲᠣᠰᠬᠤᠨ ᠤ ᠠᠷᠠᠳ ᠤᠨ ᠵᠥᠪᠯᠡᠯ ᠤᠨ ᠯᠦ ᠾᠧ ᠳ᠋ᠢᠶᠠᠨ ᠲᠣᠰᠬᠤᠨ ᠤ | ᠠᠷᠠᠳ ᠳ᠋ᠢᠩ ᠢᠦᠢ ᠼᠠᠢ ᠲᠠᠷᠢᠶᠠᠨ ᠭᠠᠵᠠᠷ ᠢᠶᠠᠨ ᠲᠡᠭᠰᠢᠯᠡᠵᠦ ᠪᠠᠶᠢᠪᠠ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ | ᠲᠤᠬᠠᠢ ᠲᠡᠷᠡ᠄ ︽ᠵᠢᠯ ᠪᠦᠷᠢ ᠶᠢᠨ 5 ᠰᠠᠷ᠎ᠠ ᠠᠴᠠ ᠡᠬᠢᠯᠡᠨ ᠲᠥᠮᠥᠰᠥ ᠲᠠᠷᠢᠬᠤ ᠳᠤ᠂ ᠥᠩᠭᠡᠷᠡᠭᠰᠡᠨ ᠵᠢᠯ ᠤᠳ ᠲᠤ | ᠪᠦᠷ ᠯᠡ ᠲᠡᠭᠷᠢ ᠠᠪᠤ ᠪᠣᠷᠣᠭᠠᠨ ᠣᠷᠣᠬᠤ ᠳᠤ ᠲᠦᠰᠢᠭᠯᠡᠳᠡᠭ᠂ ᠰᠠᠶᠢᠨ ᠪᠣᠷᠣᠭᠠᠨ ᠲᠠᠢ ᠪᠣᠯ ᠪᠣᠷᠣᠭᠠᠨ ᠬᠤᠷ᠎ᠠ ᠲᠡᠭᠰᠢ | ᠡᠯᠪᠡᠭ ᠬᠤᠷᠢᠶᠠᠯᠲᠠ ᠣᠯᠵᠤ᠂ ᠪᠣᠷᠣᠭᠠᠨ ᠦᠭᠡᠢ ᠪᠣᠯ ᠪᠣᠯᠬᠤ ᠦᠭᠡᠢ ᠶᠤᠮ︾ ᠭᠡᠵᠦ ᠬᠡᠯᠡᠨ᠎ᠡ᠃ ᠡᠨᠡ ᠵᠢᠯ ᠤᠨ ᠬᠠᠪᠤᠷ | ᠠᠴᠠ ᠨᠠᠰᠢ᠂ ᠮᠠᠨ ᠤ ᠪᠠᠯᠭᠠᠰᠤᠨ ᠳᠤ ᠬᠤᠷ᠎ᠠ ᠪᠣᠷᠣᠭᠠᠨ ᠨᠡᠯᠢᠶᠡᠳ ᠡᠯᠪᠡᠭ ᠪᠠᠶᠢᠵᠤ᠂ ᠬᠥᠷᠥᠰᠥ ᠰᠢᠷᠣᠢ ᠶᠢᠨ ᠠᠭᠤᠷ | ᠠᠮᠢᠰᠬᠤᠯ ᠤᠨ ᠨᠥᠬᠦᠴᠡᠯ ᠰᠠᠶᠢᠨ ᠪᠠᠶᠢᠨ᠎ᠠ᠃ ᠤᠯᠠᠨ ᠢᠶᠠᠷ ᠢᠶᠠᠨ ᠪᠦᠷ ᠬᠦᠯᠢᠶᠡᠬᠦ ᠦᠭᠡᠢ ᠲᠦᠰᠢᠭᠯᠡᠬᠦ ᠦᠭᠡᠢ ᠪᠠᠶᠢᠵᠤ᠂ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢᠶᠠᠨ ᠨᠠᠷᠢᠨ ᠨᠢᠮᠪᠠᠢ ᠪᠡᠯᠡᠳᠬᠡᠨ᠎ᠡ᠃ | ︽ᠮᠠᠨ ᠤ ᠲᠣᠰᠬᠤᠨ ᠲᠥᠮᠥᠰᠥ ᠳᠠᠷᠢᠬᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠵᠢᠯ ᠤᠨ ᠡᠬᠢᠨ ᠳᠤ | ᠳᠠᠷᠤᠢ 5000 ᠮᠦ ᠲᠥᠮᠥᠰᠥ ᠳᠠᠷᠢᠵᠤ᠂ 20000 ᠲᠣᠨ ᠤ ᠭᠠᠷᠤᠯᠲᠠ ᠲᠠᠢ ᠪᠣᠯᠭᠠᠬᠤ ᠬᠠᠷᠠᠯᠲᠠ ᠶᠢ | ᠲᠣᠭᠲᠠᠭᠠᠭᠰᠠᠨ ᠪᠥᠭᠡᠳ ᠰᠢᠯᠵᠢᠭᠦᠯᠦᠨ ᠡᠷᠭᠢᠯᠳᠦᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠵᠠᠷ ᠰᠢᠷᠣᠢ ᠶᠢ | ᠥᠪᠥᠷ ᠮᠣᠩᠭᠤᠯ ᠤᠨ ᠰᠢᠸ ᠴᠢ ᠲᠠᠷᠢᠶᠠᠯᠠᠩ ᠤᠨ ᠠᠮᠢ ᠠᠬᠤᠢ ᠶᠢᠨ ᠺᠣᠮᠫᠠᠨᠢ ᠪᠣᠯᠣᠨ ᠬᠤᠩ ᠰᠠᠨ ᠨᠢᠦ᠂ ᠵᠢᠶᠠ ᠢ᠂ | ᠺᠠᠩ ᠯᠢᠦᠢ ᠶᠤᠸᠠᠨ ᠭᠤᠷᠪᠠᠨ ᠲᠠᠷᠢᠶᠠᠯᠠᠩ ᠤᠨ ᠲᠤᠰᠬᠠᠢ ᠬᠤᠷᠰᠢᠶ᠎ᠠ ᠳᠤ ᠳᠠᠭᠠᠭᠠᠴᠢᠯᠠᠭᠤᠯᠵᠤ᠂ ᠣᠯᠠᠨ ᠤ | ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠡᠨᠡ ᠵᠢᠯ ᠯᠠᠪᠲᠠᠢ ᠡᠯᠪᠡᠭ ᠬᠤᠷᠢᠶᠠᠯᠲᠠ ᠲᠠᠢ ᠵᠢᠯ ᠪᠣᠯᠣᠨ᠎ᠠ︾ ᠭᠡᠵᠦ ᠴᠧ | ᠫᠦᠦ ᠲᠣᠰᠬᠤᠨ ᠤ ᠨᠠᠮ ᠤᠨ ᠡᠭᠦᠷ ᠤᠨ ᠱᠦᠵᠢ ᠵᠤᠤ ᡁᠢ ᠶᠦᠩ ᠪᠠᠶᠠᠷᠲᠠᠢ ᠪᠠᠷ ᠬᠡᠯᠡᠨ᠎ᠡ᠃ | ᠸᠧᠢ ᠰᠢ ᠯᠦᠩ ᠪᠣᠯ ᠴᠧ ᠫᠦᠦ ᠲᠣᠰᠬᠤᠨ ᠤ ᠠᠷᠠᠳ ᠤᠨ ᠵᠥᠪᠯᠡᠯ ᠤᠨ ᠲᠥᠮᠥᠰᠥ ᠳᠠᠷᠢᠬᠤ ᠲᠣᠮᠣ ᠡᠷᠦᠬᠡ | ᠪᠣᠯᠣᠨ᠎ᠠ᠂ ᠰᠤᠷᠪᠤᠯᠵᠢᠯᠠᠭᠴᠢ ᠲᠡᠭᠦᠨ ᠲᠠᠢ ᠠᠭᠤᠯᠵᠠᠬᠤ ᠦᠶ᠎ᠡ ᠳᠤ ᠲᠡᠷᠡ ᠶᠠᠭ ᠲᠣᠰᠬᠤᠨ ᠤ ᠠᠷᠠᠳ ᠢ ᠳᠠᠭᠠᠭᠤᠯᠤᠨ | ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠵᠢᠯᠣᠭᠤᠳᠤᠯᠭ᠎ᠠ ᠶᠣᠰᠣᠭᠠᠷ ᠪᠣᠷᠳᠣᠭᠤᠷ ᠣᠷᠣᠭᠤᠯᠵᠤ ᠪᠠᠶᠢᠪᠠ᠃ | ︽ᠡᠨᠡ ᠵᠢᠯ ᠪᠢ 330 ᠮᠦ ᠭᠠᠵᠠᠷ ᠰᠢᠷᠣᠢ ᠶᠢ ᠳᠠᠭᠠᠭᠠᠴᠢᠯᠠᠨ ᠲᠥᠮᠥᠰᠥ ᠲᠠᠷᠢᠵᠦ᠂ ᠡᠭᠦᠨ ᠤ ᠳᠡᠭᠡᠷ᠎ᠡ | ᠵᠠᠰᠠᠭ ᠤᠨ ᠣᠷᠳᠣᠨ ᠤ ᠲᠥᠮᠥᠰᠥ ᠶᠢᠨ ᠨᠥᠬᠦᠪᠦᠷᠢ᠂ ᠡᠭᠡᠯᠵᠢᠯᠡᠨ ᠲᠠᠷᠢᠬᠤ ᠨᠥᠬᠦᠪᠦᠷᠢ ᠶᠢ ᠨᠡᠮᠡᠪᠡᠯ᠂ ᠵᠢᠯ ᠤᠨ | ᠣᠷᠣᠯᠭ᠎ᠠ ᠪᠠᠷᠤᠭ 80000 ᠲᠥᠭᠦᠷᠢᠭ ᠲᠤ ᠬᠦᠷᠴᠦ᠂ ᠵᠢᠵᠢᠭᠬᠡᠨ ᠲᠥᠮᠥᠰᠥ ᠠᠳᠠᠯᠢᠬᠠᠨ ᠢᠶᠠᠷ ᠪᠠᠶᠠᠵᠢᠯ ᠤᠨ ᠵᠠᠮ ᠢ | ᠨᠡᠭᠡᠭᠡᠵᠦ ᠪᠣᠯᠣᠨ᠎ᠠ︾ ᠭᠡᠵᠦ ᠸᠧᠢ ᠰᠢ ᠯᠦᠩ ᠰᠡᠳᠬᠢᠯ ᠳᠣᠭᠳᠣᠯᠤᠨ ᠬᠡᠯᠡᠨ᠎ᠡ᠃ | ᠣᠳᠣᠬᠠᠨ ᠳᠤ᠂ ᠦᠴᠦᠸᠠᠨ ᠰᠢᠶᠠᠨ ᠤ ᠡᠯ᠎ᠡ ᠰᠢᠶᠠᠩ ᠪᠠᠯᠭᠠᠰᠤ ᠴᠤ ᠪᠠᠴᠢᠮ ᠶᠠᠭᠠᠷᠠᠯᠲᠠᠢ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠣᠷᠣᠯᠴᠠᠵᠤ ᠪᠤᠢ᠃ ᠣᠶᠢᠷ᠎ᠠ ᠶᠢᠨ ᠵᠢᠯ ᠠᠴᠠ᠂ ᠦᠴᠦᠸᠠᠨ ᠰᠢᠶᠠᠨ | ︽ᠥᠨᠳᠦᠷᠯᠢᠭ ᠤᠨ ᠣᠨᠴᠠᠯᠢᠭ︾ ᠤᠨ ᠥᠩ ᠰᠢᠮᠡᠯᠢᠭ ᠬᠥᠷᠥᠰᠥᠨ ᠤ ᠲᠣᠭᠤᠷᠢᠨ ᠳᠤ᠂ ︽ᠬᠤᠶᠠᠷ ᠪᠤᠭᠤᠳᠠᠢ ᠨᠢᠭᠡ | ᠲᠥᠮᠥᠰᠥ ᠨᠢᠭᠡ ᠬᠤᠨᠢ︾ ᠶᠢᠨ ᠠᠵᠤ ᠦᠢᠯᠡᠰ ᠢ ᠰᠠᠶᠢᠲᠤᠷ ᠬᠥᠭᠵᠢᠭᠦᠯᠵᠦ᠂ ︽ᠲᠠᠷᠢᠶᠠᠯᠠᠩ︾ ᠭᠡᠬᠦ ᠡᠨᠡᠬᠦ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠯᠣᠭᠠᠶᠢᠯᠠᠭᠴᠢ ᠠᠵᠤ ᠠᠬᠤᠶᠢᠯᠠᠯ ᠤᠨ ᠬᠥᠲᠥᠯᠥᠨ | ᠳᠠᠭᠠᠭᠤᠯᠵᠤ ᠳᠠᠶᠢᠴᠢᠯᠠᠬᠤ ᠶᠢ ᠭᠦᠢᠴᠡᠳ ᠪᠠᠳᠠᠷᠠᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠳᠠᠰᠤᠷᠠᠯᠳᠠ ᠦᠭᠡᠢ ᠠᠬᠢᠭᠤᠯᠵᠤ᠂ ︽ᠥᠨᠳᠦᠷᠯᠢᠭ ᠤᠨ ᠣᠨᠴᠠᠯᠢᠭ︾ ᠤᠨ ᠨᠡᠷ᠎ᠡ ᠶᠢᠨ ᠬᠠᠭᠤᠳᠠᠰᠤ ᠶᠢ ᠨᠡᠩ | ᠠᠯᠳᠠᠷᠰᠢᠭᠤᠯᠬᠤ ᠪᠠᠷ ᠴᠢᠷᠮᠠᠶᠢᠨ᠎ᠠ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |