ᠬᠠᠳᠠ ᠤᠮᠠᠷᠠᠲᠤ ᠸᠧᠢ ᠤᠯᠤᠰ ᠤᠨ ᠮᠦᠽᠧᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/4/18
4 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠤᠮᠠᠷᠠᠲᠤ ᠸᠧᠢ ᠤᠯᠤᠰ ᠤᠨ ᠮᠦᠽᠧᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠩ ᠶᠦᠩ ᠭᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠣᠷᠣᠯᠴᠠᠪᠠ᠃ ᠬᠠᠳᠠ ᠨᠠᠷ ᠤᠮᠠᠷᠠᠲᠤ ᠸᠧᠢ ᠤᠯᠤᠰ ᠤᠨ ᠮᠦᠽᠧᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠲᠦᠷᠦᠯ ᠵᠦᠢᠯ ᠤᠨ ᠲᠥᠯᠦᠪᠵᠢᠭᠦᠯᠭᠡ ᠪᠠᠶᠢᠷᠢᠰᠢᠭᠤᠯᠤᠯᠲᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠠᠮᠤᠷ ᠲᠦᠪᠰᠢᠨ ᠵᠢᠷᠤᠮᠵᠢᠯ ᠲᠠᠢ ᠦᠢᠯᠡᠳᠪᠦᠷᠢᠯᠡᠯ ᠵᠢᠴᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ ᠢᠯᠡᠷᠡᠭᠰᠡᠨ ᠬᠦᠴᠢᠷ ᠠᠰᠠᠭᠤᠳᠠᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠪᠦᠲᠦᠭᠡᠨ ᠪᠠᠶᠢᠭᠤᠯᠤᠯᠲᠠ ᠶᠢᠨ ᠨᠢᠭᠡᠴᠢ᠂ ᠪᠠᠷᠢᠯᠭ᠎ᠠ  ᠶᠢᠨ ᠨᠢᠭᠡᠴᠢ᠂ ᠬᠢᠨᠠᠨ ᠬᠠᠮᠢᠶᠠᠷᠬᠤ ᠨᠢᠭᠡᠴᠢ ᠶᠢᠨ ᠣᠳᠣᠬᠢ ᠱᠠᠲᠤᠨ ᠤ ᠢᠨᠵᠧᠨᠧᠷᠢᠩ ᠢ ᠲᠦᠯᠬᠢᠨ ᠠᠬᠢᠭᠤᠯᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠮᠠᠷᠠᠲᠤ ᠸᠧᠢ ᠤᠯᠤᠰ ᠤᠨ ᠮᠦᠽᠧᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠮᠠᠨ ᠤ ᠰᠢᠶᠠᠨ ᠤ ᠣᠯᠠᠨ ᠨᠡᠶᠢᠲᠡ  ᠶᠢᠨ ᠰᠣᠶᠣᠯ ᠤᠨ ᠦᠢᠯᠡᠴᠢᠯᠡᠭᠡᠨ ᠤ ᠬᠦᠷᠢᠶᠡᠨ ᠳᠠᠬᠢ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠮᠥᠨ᠂ ᠡᠨᠡᠬᠦ ᠲᠥᠷᠥᠯ ᠵᠦᠢᠯ ᠢ ᠪᠦᠲᠦᠭᠡᠨ ᠪᠠᠶᠢᠭᠤᠯᠬᠤ ᠨᠢ ᠮᠠᠨ ᠤ ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠬᠡᠳᠦ ᠶᠢᠨ ᠪᠣᠳᠠᠲᠤ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠰᠠᠭᠤᠳᠠᠯ ᠤᠨ ᠵᠠᠩᠭᠢᠯᠠᠭ᠎ᠠ ᠶᠢ ᠤᠯᠠᠮ ᠨᠢᠭᠡ ᠠᠯᠬᠤᠮ ᠡᠮᠬᠢᠯᠡᠨ ᠳᠢᠭᠯᠡᠵᠦ᠂ ᠪᠦᠲᠦᠭᠡᠨ ᠪᠠᠶᠢᠭᠤᠯᠬᠤ ᠲᠥᠰᠥᠯ ᠢᠶᠠᠨ ᠰᠢᠯᠢᠳᠡᠭᠵᠢᠭᠦᠯᠦᠨ᠂ ᠡᠬᠢ ᠪᠠᠶᠠᠯᠢᠭ ᠤᠨ ᠬᠦᠴᠦᠨ ᠵᠦᠢᠯ ᠢ ᠡᠮᠬᠢᠯᠡᠨ ᠨᠡᠶᠢᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠲᠥᠷᠥᠯ ᠵᠦᠢᠯ ᠢ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠭᠠᠳᠠᠭᠠᠳᠤ ᠨᠡᠭᠡᠭᠡᠯᠲᠡ ᠰᠣᠯᠢᠯᠴᠠᠭ᠎ᠠ ᠶᠢ ᠭᠦᠨᠵᠡᠭᠡᠶᠢᠷᠡᠭᠦᠯᠬᠦ ᠴᠢᠬᠤᠯᠠ ᠴᠣᠩᠬᠤ ᠪᠠ ᠲᠠᠪᠴᠠᠩ ᠤᠨ ᠠᠴᠢᠶᠠᠯᠠᠪᠤᠷᠢ ᠪᠣᠯᠭᠠᠨ ᠪᠦᠲᠦᠭᠡᠨ ᠪᠠᠶᠢᠭᠤᠯᠵᠤ᠂ ᠲᠡᠦᠬᠡ ᠰᠣᠶᠣᠯ ᠤᠨ ᠦᠨ᠎ᠡ ᠥᠷᠲᠡᠭ ᠪᠠ ᠢᠯᠡ ᠲᠣᠳᠣ ᠣᠷᠣᠨ ᠪᠦᠰᠡ ᠶᠢᠨ ᠣᠨᠴᠠᠯᠢᠭ ᠲᠠᠢ ᠣᠳᠣᠬᠢᠴᠢᠯᠠᠭᠰᠠᠨ ᠮᠦᠽᠧᠢ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠠᠳᠠ ᠤᠮᠠᠷᠠᠲᠤ ᠸᠧᠢ ᠤᠯᠤᠰ ᠤᠨ ᠮᠦᠽᠧᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠨᠢᠭᠲᠠ ᠬᠠᠮᠵᠢᠯᠴᠠᠵᠤ᠂ ᠴᠠᠭ ᠮᠥᠴᠡ ᠶᠢ ᠠᠮᠵᠢᠨ᠂ ᠠᠬᠢᠴᠠ ᠪᠠᠨ ᠲᠦᠷᠭᠡᠳᠬᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠬᠢᠷᠢ ᠲᠦᠪᠰᠢᠨ᠂ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠰᠣᠶᠣᠯ ᠵᠤᠭᠠᠴᠠᠯ᠂ ᠤᠰᠤᠨ ᠤ ᠶᠠᠪᠤᠳᠠᠯ᠂ ᠣᠶ ᠰᠢᠭᠤᠢ ᠡᠪᠡᠰᠦ ᠪᠡᠯᠴᠢᠭᠡᠷ ᠵᠡᠷᠭᠡ ᠬᠠᠮᠢᠶ᠎ᠠ ᠪᠦᠬᠦᠢ ᠨᠢᠭᠡᠴᠢ ᠦᠢᠯᠡᠴᠢᠯᠡᠭᠡᠨ ᠤ ᠪᠠᠲᠤᠯᠠᠭ᠎ᠠ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠬᠢᠵᠦ᠂ ᠠᠵᠢᠯ ᠤᠨ ᠲᠥᠰᠥᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠦᠨᠡᠨᠬᠦ ᠶᠠᠪᠤᠭᠳᠠᠭᠤᠰᠢᠲᠠᠢ ᠠᠷᠭ᠎ᠠ ᠬᠡᠮᠵᠢᠶ᠎ᠡ ᠠᠪᠴᠤ᠂ ᠪᠣᠳᠠᠲᠠᠢ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠤᠮᠠᠷᠠᠲᠤ ᠸᠧᠢ ᠤᠯᠤᠰ ᠤᠨ ᠮᠦᠽᠧᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠦᠷᠭᠡᠬᠡᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠡᠷᠲᠡᠬᠡᠨ ᠳᠡᠯᠭᠡᠨ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号