ᠦᠴᠦᠸᠠᠨ ᠰᠢᠶᠠᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/18
     4 ᠰᠠᠷ᠎ᠠ ᠶᠢᠨ 16 ᠤ ᠡᠳᠦᠷ᠂ ᠦᠴᠦᠸᠠᠨ ᠰᠢᠶᠠᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠰᠢᠶᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠨᠡᠷ᠎ᠡ ᠬᠦᠨᠳᠦᠲᠦ ᠲᠡᠷᠢᠭᠦᠯᠡᠭᠴᠢ ᠵᠣᠣ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠳᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ ᠡᠯ᠎ᠡ ᠰᠢᠶᠠᠩ ᠪᠠᠯᠭᠠᠰᠤ᠂ ᠰᠢᠶᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ᠂ ︽ᠲᠠᠪᠤᠨ ᠨᠠᠰᠤᠲᠠᠨ︾ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ ᠬᠤᠷᠠᠯ ᠠᠴᠠ ᠪᠦᠬᠦ ᠬᠤᠳᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠢᠳᠤᠨᠤᠨ ᠤ ᠠᠵᠢᠯ ᠢᠶᠠᠨ ᠳ᠋ᠦᠩᠨᠡᠵᠦ᠂ ᠡᠨᠡ ᠵᠢᠯ ᠤᠨ ᠡᠭᠦᠷᠭᠡ ᠶᠢ ᠪᠠᠶᠢᠷᠢᠯᠠᠭᠤᠯᠤᠭᠰᠠᠨ ᠪᠥᠭᠡᠳ ᠪᠦᠬᠦ ᠰᠢᠶᠠᠨ ᠤ 2023 ᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠥᠨ ᠵᠢᠴᠢ ᠰᠢᠯᠢᠳᠡᠭ ︽ᠲᠠᠪᠤᠨ ᠨᠠᠰᠤᠲᠠᠨ︾ ᠢ ᠬᠥᠬᠢᠭᠦᠯᠦᠨ ᠰᠠᠶᠢᠰᠢᠶᠠᠪᠠ᠃      ᠬᠤᠷᠠᠯ ᠳᠡᠭᠡᠷ᠎ᠡ᠂ ᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠣᠶᠢᠷ᠎ᠠ ᠶᠢᠨ ᠵᠢᠯ ᠤᠨ ᠦᠴᠦᠸᠠᠨ ᠰᠢᠶᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠢᠭᠰᠡᠨ ᠠᠵᠢᠯ ᠢ ᠭᠦᠢᠴᠡᠳ ᠨᠤᠲᠠᠯᠠᠵᠤ᠂ ᠦᠴᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠭ ᠤᠨ ᠡᠩᠨᠡᠭᠡ ᠦᠷᠭᠦᠯᠵᠢᠯᠡᠨ ᠴᠢᠩᠭᠠᠷᠠᠵᠤ᠂ ᠪᠠᠶᠢᠭᠤᠯᠤᠯ ᠲᠣᠭᠲᠠᠴᠠ ᠲᠠᠰᠤᠷᠠᠯᠲᠠ ᠦᠭᠡᠢ ᠲᠡᠭᠦᠯᠳᠡᠷᠵᠢᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠡᠭᠡ ᠬᠡᠪᠴᠢᠶ᠎ᠡ ᠪᠠᠷ ᠥᠷᠭᠡᠳᠴᠦ᠂ ᠠᠵᠢᠯᠯᠠᠭ᠎ᠠ ᠥᠷᠨᠢᠭᠦᠯᠦᠭᠰᠡᠨ ᠨᠢ ᠲᠣᠪᠣᠶᠢᠮ᠎ᠠ ᠦᠷ᠎ᠡ ᠪᠦᠲᠦᠮᠵᠢ ᠲᠠᠢ ᠪᠠᠶᠢᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠦᠬᠦᠨ ᠢ ᠬᠠᠮᠤᠷᠤᠭᠰᠠᠨ ᠠᠵᠢᠯ ᠤᠨ ᠲᠤᠷᠰᠢᠯᠭ᠎ᠠ ᠶᠢ ᠪᠥᠬᠦ ᠬᠤᠲᠠ ᠳᠤ ᠳᠡᠯᠭᠡᠷᠡᠭᠦᠯᠦᠨ ᠰᠤᠷᠤᠯᠴᠠᠭᠤᠰᠢᠲᠠᠶ ᠪᠠᠶᠢᠨ᠎ᠠ ᠭᠡᠵᠦ ᠵᠢᠭᠠᠵᠤ ᠭᠠᠷᠭᠠᠪᠠ᠃ ᠡᠯ᠎ᠡ ᠪᠦᠷᠢᠯᠳᠦᠭᠦᠨ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠠᠷᠭ᠎ᠠ ᠪᠠᠷᠢᠯ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠣᠯᠣᠨ ︽ᠲᠠᠪᠤᠨ ᠨᠠᠰᠤᠲᠠᠨ︾ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠶᠣᠰᠣ ᠰᠤᠷᠲᠠᠬᠤᠨ ᠪᠣᠯᠣᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢᠨ᠎ᠡ ᠴᠠᠭ ᠦᠶ᠎ᠡ ᠳᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃ ᠪᠦᠬᠦ ᠰᠢᠶᠠᠨ ᠤ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠢᠨ ᠪᠣᠳᠠᠲᠤ ᠪᠠᠶᠢᠳᠠᠯ ᠳᠤ ᠰᠠᠭᠤᠷᠢᠯᠠᠨ᠂ ᠢᠷᠡᠭᠡᠳᠦᠢ ᠶᠢ ᠪᠣᠳᠣᠯᠬᠢᠯᠠᠵᠤ᠂ ᠰᠤᠷᠭᠠᠨ ᠬᠥᠮᠥᠵᠢᠭᠦᠯᠬᠦ ᠪᠠ ᠬᠠᠶᠢᠷᠠᠯᠠᠨ ᠬᠠᠯᠠᠮᠵᠢᠯᠠᠬᠤ ᠡᠨᠡ ᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠶᠣᠰᠣ ᠮᠣᠷᠠᠯ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠠᠵᠢᠯ ᠤᠨ ᠭᠤᠣᠯᠳᠠᠯᠭ᠎ᠠ ᠶᠢ ᠪᠠᠲᠤ ᠡᠵᠡᠮᠳᠡᠵᠦ᠂ ︽ᠲᠠᠪᠤᠨ ᠨᠠᠰᠤᠲᠠᠨ︾ ᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠰᠢᠨ᠎ᠡ ᠪᠠᠶᠢᠳᠠᠯ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠵᠤ᠂ ᠵᠠᠯᠠᠭᠤᠴᠤᠳ ᠪᠠᠭᠠᠴᠤᠳ ᠤᠨ ᠬᠦᠴᠢᠷᠳᠡᠯ ᠳᠤ ᠲᠤᠯᠭᠠᠷᠠᠭᠰᠠᠨ ᠪᠠᠶᠢᠳᠠᠯ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠨ ︽ᠲᠠᠪᠤᠨ ᠰᠠᠶᠢᠨᠲᠠᠢ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ︾ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠠᠮ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠭᠤᠯᠤᠯᠲᠠ ᠶᠢᠨ ᠠᠵᠢᠯ ᠢ ᠬᠥᠲᠥᠯᠥᠨ ᠳᠠᠭᠠᠭᠤᠯᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠳᠤᠮᠳᠠ ᠲᠣᠬᠢᠶᠠᠯᠳᠤᠭᠰᠠᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠦᠷᠢᠯᠳᠦᠭᠦᠨ ᠨᠢᠭᠡᠴᠢ ᠶᠢᠨ ᠦᠢᠯᠡᠳᠦᠯ ᠢ ᠪᠠᠳᠠᠷᠠᠭᠤᠯᠤᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠳᠤ ᠠᠩᠬᠠᠷᠤᠯ ᠲᠠᠯᠪᠢᠵᠤ᠂ ᠳᠡᠮᠵᠢᠵᠦ᠂ ᠣᠷᠣᠯᠴᠠᠵᠤ᠂ ᠮᠠᠨ ᠤ ᠰᠢᠶᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠴᠧᠨ ᠪᠦᠥᠸ᠋︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号