ᠬᠠᠳᠠ ᠦᠴᠦᠸᠠᠨ ᠰᠢᠶᠠᠨ ᠤ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/4/18
     4 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠮᠠᠨ ᠤ ᠰᠢᠶᠠᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠩ ᠶᠦᠩ ᠭᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠣᠷᠣᠯᠴᠠᠵᠠᠢ᠃      ᠬᠠᠳᠠ ᠨᠠᠷ ᠤᠷᠢᠳ ᠬᠤᠵᠢᠳ ᠬᠠᠳᠠᠲᠤ ᠬᠠᠭᠠᠯᠭ᠎ᠠ ᠶᠢᠨ ᠦᠵᠡᠮᠵᠢ ᠶᠢᠨ ᠣᠷᠣᠨ᠂ ᠨᠠᠭᠤᠷ ᠤᠨ ᠨᠢᠷᠤᠭᠤ ᠶᠢᠨ ᠦᠵᠡᠮᠵᠢ ᠶᠢᠨ ᠣᠷᠣᠨ᠂ ᠳ᠋ᠧ ᠱᠧᠩ ᠶᠢᠩ ᠤᠨ ᠪᠤᠬ᠎ᠠ ᠲᠡᠷᠭᠡᠨ ᠤ ᠵᠢᠵᠢᠭ ᠪᠠᠯᠭᠠᠰᠤ ᠵᠡᠷᠭᠡ ᠭᠠᠵᠠᠷ ᠲᠤ ᠬᠦᠷᠴᠦ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠬᠢᠴᠠ᠂ ᠴᠢᠳᠠᠪᠬᠢ ᠶᠢᠨ ᠪᠠᠶᠢᠷᠢᠰᠢᠭᠤᠯᠤᠯᠲᠠ᠂ ᠡᠵᠡᠩᠨᠡᠯᠲᠡ ᠶᠢᠨ ᠵᠠᠭᠪᠤᠷ᠂ ᠦᠵᠡᠮᠵᠢ ᠶᠢᠨ ᠣᠷᠣᠨ ᠪᠣᠯᠣᠨ ᠡᠷᠬᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠬᠠᠳᠠ ᠭᠤᠣᠯᠳᠠᠯᠭ᠎ᠠ ᠲᠠᠢ ᠰᠣᠶᠣᠯ ᠵᠤᠭᠠᠴᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠴᠢᠮ ᠶᠠᠭᠠᠷᠠᠯᠲᠠᠢ ᠠᠬᠢᠭᠤᠯᠵᠤ᠂ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠨᠢᠭᠡᠴᠢ ᠭᠤᠣᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠵᠢᠯᠣᠭᠤᠳᠤᠯᠭ᠎ᠠ ᠪᠠ ᠦᠢᠯᠡᠴᠢᠯᠡᠭᠡ ᠪᠠᠨ ᠰᠠᠶᠢᠲᠤᠷ ᠬᠢᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠨᠢᠭᠲᠠ ᠠᠩᠬᠠᠷᠴᠤ᠂ ᠵᠣᠬᠢᠴᠠᠭᠤᠯᠤᠨ ᠬᠠᠮᠵᠢᠯᠴᠠᠬᠤ ᠶᠢ ᠴᠢᠬᠤᠯᠠᠴᠢᠯᠠᠵᠤ᠂ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠵᠡᠮᠵᠢ ᠶᠢᠨ ᠣᠷᠣᠨ᠂ ᠦᠵᠡᠮᠵᠢ ᠶᠢᠨ ᠣᠷᠣᠨ ᠤ ᠡᠷᠬᠢᠨ ᠲᠣᠭᠤᠷᠢᠨ᠂ ᠵᠠᠰᠠᠮᠠᠯ ᠵᠠᠮ᠂ ᠭᠤᠣᠯ ᠤᠨ ᠵᠠᠮ᠂ ᠠᠶᠢᠯ ᠲᠣᠰᠬᠤᠨ ᠤ ᠡᠷᠬᠢᠨ ᠲᠣᠭᠤᠷᠢᠨ ᠢᠶᠠᠷ ᠭᠤᠣᠯᠳᠠᠯᠭ᠎ᠠ ᠲᠠᠢ ᠣᠷᠣᠨ ᠪᠦᠰᠡ ᠪᠣᠯᠭᠠᠬᠤ ᠶᠢ ᠪᠠᠷᠢᠮᠲᠠᠯᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠪᠣᠯᠣᠨ ᠲᠠᠷᠢᠶᠠᠯᠠᠩ ᠤᠨ ᠬᠠᠶᠠᠭᠳᠠᠮᠠᠯ ᠪᠣᠳᠠᠰ ᠢ ᠴᠡᠪᠡᠷᠯᠡᠬᠦ ᠤᠳᠠᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠭᠳᠡᠬᠦᠨ ᠢ ᠰᠦᠪᠡᠭᠴᠢᠯᠡᠨ ᠨᠡᠭᠡᠭᠡᠨ ᠬᠥᠭᠵᠢᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠢᠵᠢ ᠪᠦᠷᠢᠳᠦᠭᠰᠡᠨ ᠲᠥᠬᠦᠭᠡᠷᠦᠮᠵᠢ ᠶᠢᠨ ᠲᠡᠭᠦᠯᠳᠡᠷᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ᠂ ᠦᠢᠯᠡᠳᠬᠦᠨ ᠪᠣᠯᠣᠨ ᠵᠠᠮ ᠱᠤᠭᠤᠮ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠨᠢᠭᠡ ᠪᠦᠯᠦᠭ ᠦᠨᠡᠨ ᠠᠬᠤᠢ ᠬᠡᠯᠪᠡᠷᠢ ᠶᠢᠨ᠂ ᠬᠠᠷᠢᠯᠴᠠᠨ ᠬᠥᠳᠡᠯᠦᠯᠴᠡᠬᠦ ᠬᠡᠯᠪᠡᠷᠢ ᠶᠢᠨ᠂ ᠪᠡᠶ᠎ᠡ ᠪᠠᠷ ᠢᠶᠠᠨ ᠣᠶᠢᠯᠠᠭᠠᠬᠤ ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠦᠷᠦᠯ ᠵᠦᠢᠯ ᠢ ᠪᠠᠶᠢᠭᠤᠯᠬᠤ ᠬᠡᠷᠡᠭᠲᠡᠢ᠃ ᠬᠡᠷᠡᠭᠯᠡᠭᠡ ᠶᠢ ᠪᠠᠶᠠᠯᠢᠭᠵᠢᠭᠤᠯᠬᠤ ᠲᠠᠯᠠᠪᠤᠷ ᠲᠤ ᠬᠦᠴᠦ ᠣᠷᠣᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠣᠶᠣᠯ ᠵᠤᠭᠠᠴᠠᠯ ᠤᠨ ᠠᠵᠢᠯᠯᠠᠭ᠎ᠠ ᠶᠢ ᠥᠷᠨᠢᠭᠦᠯᠵᠦ᠂ ︽5·1︾ ᠵᠡᠷᠭᠡ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠵᠤ᠂ ᠠᠯᠢ ᠤᠯᠠᠨ ᠰᠣᠶᠣᠯ ᠵᠢᠭᠤᠯᠴᠢᠯᠠᠯ ᠤᠨ ᠰᠣᠶᠣᠯ ᠤᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠵᠤᠭᠠᠴᠠᠭᠰᠠᠳ ᠲᠤ ᠡᠯᠪᠡᠭ ᠪᠠᠶᠠᠯᠢᠭ ᠣᠶᠢᠯᠠᠭᠠᠯᠲᠠ ᠬᠠᠩᠭᠠᠵᠤ᠂ ᠦᠴᠦᠸᠠᠨ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号