ᠮᠠᠨ ᠤ ᠣᠷᠣᠨ ᠬᠤᠲᠠ ᠪᠠᠯᠭᠠᠰᠤ ᠶᠢᠨ ᠢᠯᠴᠢ ᠬᠠᠩᠭᠠᠬᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠰᠢᠨ᠎ᠡ ᠪᠠᠷ ᠪᠠᠶᠢᠭᠤᠯᠬᠤ ᠥᠭᠡᠷᠡᠴᠢᠯᠡᠬᠦ ᠳᠡᠭᠡᠭᠰᠢᠯᠡᠭᠦᠯᠭᠦ ᠵᠡᠷᠭᠡ 880 ᠲᠥᠷᠥᠯ ᠵᠦᠢᠯ ᠢ ᠬᠡᠷᠡᠭᠵᠢᠭᠦᠯᠬᠦ  ᠪᠠᠷ ᠲᠥᠯᠥᠪᠯᠡᠵᠦ 221 ᠲᠥᠷᠥᠯ ᠵᠦᠢᠯ ᠢ ᠨᠢ ᠨᠢᠭᠡᠨᠲᠡ ᠡᠬᠢᠯᠡᠭᠦᠯᠪᠡ
ᠨᠡᠶᠢᠲᠡᠯᠡᠭᠰᠡᠨ ᠴᠠᠭ᠄
2024/4/18
     ︽ᠳᠤᠯᠠᠭᠠᠯᠠᠭ᠎ᠠ ᠶᠢᠨ ᠢᠨᠵᠧᠨᠧᠷᠢᠩ︾ ᠪᠣᠯ ᠲᠦᠭ ᠲᠦᠮᠡᠨ ᠠᠶᠢᠯ ᠡᠷᠦᠭᠡ ᠶᠢᠨ ᠠᠮᠤᠷ ᠲᠠᠶᠢᠪᠤᠭᠤ ᠳᠤᠯᠠᠭᠠᠬᠠᠨ ᠡᠪᠦᠯᠵᠢᠬᠦ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃      ᠮᠠᠨ ᠤ ᠣᠷᠣᠨ ᠤ ᠢᠯᠴᠢ ᠬᠠᠩᠭᠠᠬᠤ ᠬᠦᠷᠢᠶᠡᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠲᠦᠭᠵᠢᠷᠡᠯ ᠪᠣᠯᠵᠤ ᠪᠠᠶᠢᠭ᠎ᠠ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠢᠯᠴᠢ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠭᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠡᠨᠡ ᠵᠢᠯ ᠪᠦᠭᠦ ᠣᠷᠣᠨ ᠳᠤ ᠬᠤᠲᠠ ᠪᠠᠯᠭᠠᠰᠤᠨ ᠤ ᠢᠯᠴᠢ ᠬᠠᠩᠭᠠᠬᠤ ︽ᠳᠤᠯᠠᠭᠠᠯᠠᠭ᠎ᠠ  ᠶᠢᠨ ᠢᠨᠵᠧᠨᠧᠷᠢᠩ︾ ᠢ ᠬᠡᠷᠡᠭᠵᠢᠭᠦᠯᠬᠦ ᠪᠠᠷ ᠲᠣᠭᠲᠠᠭᠰᠠᠨ ᠪᠢᠯᠡ᠃ ᠡᠨᠡ ᠵᠢᠯ ᠤᠨ 2 ᠰᠠᠷ᠎ᠠ ᠠᠴᠠ ᠨᠠᠭᠠᠰᠢ᠂ ᠪᠦᠭᠦ ᠣᠷᠣᠨ ᠤ ᠡᠯ᠎ᠡ ᠭᠠᠵᠠᠷ ᠤᠨ ᠬᠢᠨ ᠰᠠᠭᠤᠭᠠᠯᠢ ᠠᠷᠠᠳ ᠤᠨ ᠲᠣᠭᠤᠷᠢᠭ ᠢᠶᠠᠷ ᠨᠢᠭᠡᠴᠢ ᠪᠣᠯᠭᠠᠨ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠩᠭᠡᠷᠡᠭᠰᠡᠨ ᠵᠢᠯ ᠤᠳ ᠤᠨ ᠢᠯᠴᠢ ᠬᠠᠩᠭᠠᠯᠭ᠎ᠠ ᠶᠢᠨ ᠲᠤᠬᠠᠢ ᠭᠤᠮᠣᠳᠠᠯ ᠲᠣᠭᠠᠴᠢᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠢᠯᠴᠢ ᠬᠠᠩᠭᠠᠬᠤ ᠠᠵᠢᠯ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠢ ᠲᠠᠯ᠎ᠠ ᠳᠤ ᠴᠢᠭᠯᠡᠭᠦᠯᠦᠨ᠂ ︽ᠡᠪᠡᠳᠴᠢᠨ ᠤ ᠦᠨᠳᠦᠰᠦ︾ ᠶᠢ ᠣᠨᠣᠪᠴᠢᠲᠠᠶ ᠡᠷᠢᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ᠂ ᠳᠡᠭᠡᠭᠰᠢᠯᠡᠭᠦᠯᠭᠦ ᠵᠡᠷᠭᠡ 880 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠣᠯᠠᠨ ᠲᠦᠮᠡᠨ ᠳᠤ ᠢᠯᠴᠢ ᠬᠠᠩᠭᠠᠵᠤ ᠳᠤᠯᠠᠭᠠᠯᠠᠬᠤ ᠨᠥᠬᠦᠴᠡᠯ ᠢ ᠦᠨᠡᠨ ᠬᠦ ᠰᠠᠶᠢᠵᠢᠷᠠᠭᠤᠯᠬᠤ ᠪᠠᠷ ᠪᠤᠢ᠃      ︽ᠳᠤᠯᠠᠭᠠᠯᠠᠭ᠎ᠠ ᠬᠠᠩᠭᠠᠬᠤ ᠶᠢ ᠵᠣᠭᠰᠣᠮᠠᠭᠴᠠ ᠠᠵᠢᠯ ᠡᠬᠢᠯᠡᠭᠦᠯᠬᠦ︾ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠣᠯᠠᠨ ᠤᠳᠠᠭ᠎ᠠ ᠡᠮᠦᠨ᠎ᠡ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠤᠭᠤᠳᠴᠤ᠂ ᠡᠯ᠎ᠡ ᠭᠠᠵᠠᠷ ᠤᠨ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ ᠶᠢ ᠱᠠᠯᠠᠪᠳᠠᠭᠤᠯᠪᠠ᠃ ᠣᠲᠣ ᠪᠤᠯᠲᠠᠯ᠎ᠠ ᠨᠢᠭᠡᠨᠲᠡ 221 ᠲᠥᠷᠥᠯ ᠵᠦᠢᠯ ᠢ ᠠᠵᠢᠯ ᠡᠬᠢᠯᠡᠭᠦᠯᠵᠦ᠂ 25% ᠶᠢ ᠡᠵᠡᠯᠡᠨ᠂ 5 ᠰᠠᠷ᠎ᠠ ᠶᠢᠨ ᠰᠡᠭᠦᠯᠴᠢ ᠠᠴᠠ ᠡᠮᠦᠨ᠎ᠡ ᠪᠤᠶ ᠪᠦᠬᠦᠢ ᠲᠥᠷᠥᠯ ᠵᠦᠢᠯ ᠢ ᠪᠦᠭᠦᠨ ᠢ ᠠᠵᠢᠯ ᠡᠬᠢᠯᠡᠭᠦᠯᠵᠦ᠂ ᠢᠯᠴᠢ ᠬᠠᠩᠭᠠᠬᠤ ᠠᠴᠠ ᠡᠮᠦᠨ᠎ᠡ ᠪᠦᠭᠦ ᠠᠵᠢᠯ ᠢ ᠳᠠᠭᠤᠰᠬᠠᠬᠤ ᠪᠠᠷ ᠲᠥᠯᠥᠪᠯᠡᠵᠦ᠂ ᠪᠦᠭᠦ ᠣᠷᠣᠨ ᠤ ᠣᠯᠠᠨ ᠲᠦᠮᠡᠨ ᠳᠤ ᠬᠠᠨᠤᠮᠵᠢᠲᠠᠶ ᠳᠤᠯᠠᠭᠠᠯᠠᠭ᠎ᠠ ᠶᠢᠨ ᠬᠠᠷᠢᠭᠤᠯᠲᠠ ᠥᠭᠬᠦ ᠪᠠᠷ ᠴᠢᠷᠮᠠᠶᠢᠵᠤ ᠪᠤᠢ᠃      4 ᠰᠠᠷ᠎ᠠ ᠶᠢᠨ 15 ᠤ ᠡᠳᠦᠷ᠂ ᠭᠦᠭᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠢᠶᠠᠨ ᠢᠦᠢ ᠰᠢᠩ ᠶᠤᠸᠠᠨ ᠰᠠᠭᠤᠭᠠᠯᠢ ᠠᠷᠠᠳ ᠤᠨ ᠲᠣᠭᠤᠷᠢᠭ ᠠᠴᠠ ᠡᠬᠢᠯᠡᠨ ᠰᠢᠨ᠎ᠡ ᠬᠤᠲᠠ ᠲᠣᠭᠤᠷᠢᠭ ᠤᠨ ᠨᠡᠭᠦᠷᠡᠰᠦ ᠲᠦᠯᠡᠵᠦ ᠢᠯᠴᠢ ᠬᠠᠩᠭᠠᠬᠤ 8 ᠭᠠᠵᠠᠷ ᠤᠨ 36 ᠭᠦᠸᠧᠯᠦ ᠳᠤ ᠴᠡᠪᠡᠷ ᠢᠯᠴᠢ ᠶᠢᠨ ᠢᠷᠡᠯᠲᠡ ᠪᠠᠷ ᠣᠷᠣᠯᠠᠭᠤᠯᠬᠤ ᠥᠭᠡᠷᠡᠴᠢᠯᠡᠯᠲᠡ ᠪᠠ ᠬᠤᠭᠤᠯᠠᠢ ᠶᠢᠨ ᠲᠣᠣᠷ ᠢ ᠰᠢᠨᠡᠳᠬᠡᠬᠦ ᠥᠭᠡᠷᠡᠴᠢᠯᠡᠯᠲᠡ ᠬᠢᠵᠦ᠂ ᠬᠠᠮᠤᠭ ᠤᠨ ᠬᠦᠢᠲᠡᠨ ᠴᠠᠭ ᠲᠤ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠦᠨᠳᠦᠰᠦᠨ ᠠᠴᠠ ᠨᠢ ᠳᠡᠭᠡᠭᠰᠢᠯᠡᠭᠦᠯᠦᠨ᠂ ᠰᠠᠷ᠎ᠠ ᠶᠢᠨ ᠡᠴᠦᠰ ᠠᠴᠠ ᠡᠮᠦᠨ᠎ᠡ ᠠᠵᠢᠯ ᠢᠶᠠᠨ ᠳᠠᠭᠤᠰᠬᠠᠬᠤ ᠪᠠᠷ ᠲᠥᠯᠥᠪᠯᠡᠵᠦ᠂ ᠪᠤᠰᠤᠳ ᠥᠭᠡᠷᠡᠴᠢᠯᠡᠬᠦ ᠲᠥᠷᠥᠯ ᠵᠦᠢᠯ ᠢ 5 ᠰᠠᠷ᠎ᠠ ᠳᠤ ᠵᠠᠯᠭᠠᠭ᠎ᠠ ᠪᠠᠷ ᠡᠬᠢᠯᠡᠭᠦᠯᠵᠦ᠂ 9 ᠰᠠᠷ᠎ᠠ ᠶᠢᠨ ᠡᠴᠦᠰ ᠠᠴᠠ ᠡᠮᠦᠨ᠎ᠡ ᠪᠦᠭᠦᠨ ᠢ ᠳᠠᠭᠤᠰᠬᠠᠬᠤ ᠪᠠᠷ ᠪᠤᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠭᠦᠭᠡᠬᠤᠲᠠ ︽ᠳᠤᠯᠠᠭᠠᠯᠠᠭ᠎ᠠ ᠶᠢᠨ ᠢᠨᠵᠧᠨᠧᠷᠢᠩ︾ ᠢ ︽ᠠᠷᠠᠳ ᠤᠨ ᠠᠮᠢᠳᠤᠷᠠᠯ ᠤᠨ ᠲᠡᠷᠢᠭᠦᠨ ᠢᠨᠵᠧᠨᠧᠷᠢᠩ︾ ᠪᠣᠯᠭᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠲᠠ ᠶᠢᠨ ᠲᠣᠭᠤᠷᠢᠭ ᠤᠨ ᠢᠯᠴᠢ ᠶᠢᠨ ᠢᠷᠡᠯᠲᠡ᠂ ᠢᠯᠴᠢ ᠬᠠᠩᠭᠠᠬᠤ ᠲᠣᠣᠷ ᠵᠢᠴᠢ ᠢᠯᠴᠢ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠠᠵᠢᠯ ᠲᠥᠷᠥᠯ ᠤᠨ ᠬᠥᠭᠵᠢᠯᠲᠡ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ ᠵᠡᠷᠭᠡ ᠰᠢᠷᠢᠰ ᠢᠨᠵᠧᠨᠧᠷᠢᠩ ᠢ ᠵᠢᠷᠤᠮᠵᠢᠭᠤᠯᠤᠨ᠂ ︽ᠢᠯᠴᠢ ᠴᠠᠭᠢᠯᠭᠠᠨ + ᠪᠠᠴᠢᠮ ᠪᠠᠶᠢᠳᠠᠯ ᠢ ᠠᠷᠭᠠᠴᠠᠭᠠᠬᠤ︾ ᠢᠯᠴᠢ ᠶᠢᠨ ᠢᠷᠡᠯᠲᠡ ᠶᠢᠨ ᠰᠢᠰᠲ᠋ᠧᠮ᠂ ︽ᠣᠯᠠᠨ ᠡᠬᠢᠲᠦ ᠨᠢᠭᠡ ᠲᠣᠣᠷ︾ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠵᠢᠴᠢ ︽ᠣᠶᠤᠨᠴᠢ ᠬᠠᠮᠢᠶᠠᠷᠤᠯᠲᠠ︾ ᠶᠢᠨ ᠢᠯᠴᠢ ᠬᠠᠩᠭᠠᠬᠤ ᠰᠢᠰᠲ᠋ᠧᠮ ᠢ ᠪᠠᠶᠢᠭᠤᠯᠵᠤ᠂ ᠭᠡᠷ ᠳᠣᠲᠣᠷᠠᠬᠢ ︽ᠤᠰᠤ ᠭᠤᠭᠤᠵᠢᠬᠤ︾ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠲᠥᠪ ᠬᠤᠲᠠ ᠶᠢᠨ ᠬᠤᠲᠠ ᠶᠢᠨ ᠠᠷᠠᠳ ᠤᠨ ᠳᠠᠭᠠᠷᠠᠵᠤ ᠪᠡᠭᠡᠷᠡᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ ᠪᠤᠢ᠃      4 ᠰᠠᠷ᠎ᠠ ᠶᠢᠨ 12 ᠤᠨ ᠡᠳᠦᠷ᠂ ᠪᠠᠶᠠᠨᠨᠠᠭᠤᠷ ᠬᠤᠲᠠ 2024 ᠣᠨ ᠤ ︽ᠴᠡᠪᠡᠷ ᠳᠤᠯᠠᠭᠠᠯᠠᠭ᠎ᠠ︾ ᠶᠢᠨ ᠢᠵᠢ ᠪᠦᠷᠢᠳᠦᠭᠦᠯᠬᠦ ᠴᠠᠭᠢᠯᠭᠠᠨ ᠲᠣᠣᠷ ᠤᠨ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠵᠦ᠂ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠪᠠᠶᠠᠨᠨᠠᠭᠤᠷ ᠤᠨ ᠴᠠᠭᠢᠯᠭᠠᠨ ᠬᠠᠩᠭᠠᠬᠤ ᠺᠤᠮᠫᠠᠨᠢ ᠶᠢᠨ ᠪᠠᠷᠢᠯᠭ᠎ᠠ ᠶᠢᠨ ᠠᠵᠢᠯᠲᠠᠳ ᠲᠤᠬᠠᠢ ᠶᠢᠨ ᠲᠠᠯᠠᠪᠤᠷ ᠲᠤ ᠬᠠᠶᠢᠨ ᠬᠡᠮᠵᠢᠯᠲᠡ ᠬᠢᠵᠦ᠂ ᠨᠦᠬᠡ ᠮᠠᠯᠲᠠᠨ ᠪᠠᠭᠠᠨ᠎ᠠ ᠪᠣᠰᠬᠠᠵᠤ᠂  ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠪᠠ᠃      ᠣᠶᠢᠷ᠎ᠠ ᠶᠢᠨ ᠡᠳᠦᠷ ᠤᠳ ᠲᠤ᠂ ᠣᠷᠳᠣᠰ ᠬᠤᠲᠠ ᠶᠢᠨ ᠣᠲᠤᠭ ᠬᠤᠰᠢᠭᠤᠨ ᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠠᠷᠢᠯᠭ᠎ᠠ ᠶᠢᠨ ᠠᠬᠤᠢ ᠲᠠᠯᠠᠪᠠᠶ ᠳᠤ ᠠᠵᠢᠯᠲᠠᠳ ᠶᠠᠭᠠᠷᠠᠯᠲᠠᠢ ᠠᠵᠢᠯᠯᠠᠵᠤ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠲᠤᠰ ᠬᠤᠰᠢᠭᠤ 2.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 2 ᠵᠦᠢᠯ ᠤᠨ ᠳᠤᠯᠠᠭᠠᠯᠠᠭ᠎ᠠ ᠶᠢ ᠪᠠᠲᠤᠯᠠᠬᠤ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠰᠢᠨ᠎ᠡ ᠪᠠᠷ 4 ᠢᠯᠴᠢ ᠰᠣᠯᠢᠯᠴᠠᠬᠤ ᠥᠷᠲᠡᠭᠡ ᠶᠢ ᠪᠠᠶᠢᠭᠤᠯᠵᠤ᠂ 2 ᠬᠠᠭᠤᠴᠢᠷᠠᠭᠰᠠᠨ ᠭᠦᠸᠧᠯᠦ᠂ ᠦᠷ᠎ᠡ ᠪᠦᠲᠦᠮᠵᠢ ᠪᠠᠷ ᠳᠣᠣᠷ᠎ᠠ ᠢᠯᠴᠢ ᠰᠣᠯᠢᠯᠴᠠᠬᠤ 20ᠥᠷᠲᠡᠭᠡ᠂ ᠬᠠᠭᠤᠴᠢᠷᠠᠵᠤ ᠵᠢᠪᠡᠷᠡᠭᠰᠡᠨ ᠨᠢᠭᠡᠳᠦᠭᠡᠷ ᠱᠠᠲᠤᠨ ᠤ ᠬᠤᠭᠤᠯᠠᠢ ᠶᠢᠨ ᠲᠣᠣᠷ ᠢ 11.62 ᠺᠢᠯᠣᠮᠧᠲᠷ᠂ ᠤᠰᠤ ᠭᠤᠭᠤᠵᠢᠵᠤ ᠪᠠᠶᠢᠭ᠎ᠠ ᠬᠤᠶᠠᠳᠤᠭᠠᠷ ᠱᠠᠲᠤᠨ ᠤ ᠬᠤᠭᠤᠯᠠᠢ ᠶᠢᠨ ᠲᠣᠣᠷ ᠵᠢᠴᠢ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠬᠤᠭᠤᠯᠠᠢ ᠶᠢᠨ ᠲᠣᠣᠷ ᠢ 71.18 ᠺᠢᠯᠣᠮᠧᠲᠷ ᠰᠡᠯᠪᠢᠨ ᠵᠠᠰᠠᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠦᠭᠦ ᠲᠠᠯ᠎ᠠ ᠪᠠᠷ ᠳᠡᠭᠡᠭᠰᠢᠯᠡᠬᠦ ᠪᠣᠯᠣᠨ᠎ᠠ᠃      ᠡᠨᠡ ᠬᠡᠰᠡᠭ ᠬᠤᠭᠤᠴᠠᠭᠠᠨ ᠳᠤ᠂ ᠲᠦᠩᠯᠢᠶᠣᠣ ᠶᠢᠨ ᠴᠠᠭᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ 2×350MW ᠤᠨ ᠣᠶᠤᠨᠲᠤ ᠢᠯᠴᠢ ᠴᠠᠭᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠮᠠᠰᠢᠨ ᠴᠣᠭᠴᠠᠯᠠᠪᠤᠷᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠮᠠᠰᠢᠨ ᠮᠧᠬᠠᠨᠢᠭ ᠬᠦᠷᠴᠢᠭᠢᠨᠡᠨ ᠠᠵᠢᠯᠯᠠᠵᠤ᠂ ᠮᠢᠩᠭ᠎ᠠ ᠭᠠᠷᠤᠢ ᠠᠵᠢᠯᠴᠢᠨ ᠡᠮᠬᠢ ᠵᠢᠷᠤᠮ ᠲᠠᠢ ᠠᠵᠢᠯᠯᠠᠨ᠎ᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠪᠣᠯ ᠲᠦᠩᠯᠢᠶᠣᠣ ᠬᠤᠲᠠ ᠶᠢᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠬᠤᠯᠠ ᠢᠨᠵᠧᠨᠧᠷᠢᠩ ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠲᠦᠩᠯᠢᠶᠣᠣ ᠬᠤᠲᠠ ᠶᠢᠨ ᠬᠠᠮᠤᠭ ᠤᠨ ᠶᠡᠭᠡ ᠢᠯᠴᠢ ᠬᠠᠩᠭᠠᠬᠤ ᠴᠡᠭ ᠪᠣᠯᠵᠤ᠂ ᠲᠦᠩᠯᠢᠶᠣᠣ ᠶᠢᠨ ᠭᠤᠣᠯ ᠬᠤᠲᠠ ᠶᠢᠨ ᠲᠣᠭᠤᠷᠢᠭ ᠤᠨ 1850 ᠲᠦᠮᠡᠨ ᠲᠡᠭᠰᠢ ᠳᠥᠷᠪᠡᠯᠵᠢᠨ ᠮᠧᠲᠷ ᠤᠨ ᠠᠷᠠᠳ ᠤᠨ ᠰᠠᠭᠤᠭᠠᠯᠢ ᠲᠣᠭᠤᠷᠢᠭ ᠪᠠ ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠢᠯᠴᠢ ᠶᠢᠨ ᠳᠠᠭᠠᠭᠠᠴᠠ ᠶᠢᠨ ᠬᠡᠷᠡᠭᠴᠡᠭᠡ ᠶᠢ ᠡᠭᠦᠷᠭᠡᠯᠡᠬᠦ ᠪᠣᠯᠣᠨ᠎ᠠ᠃ ᠲᠤᠰ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠴᠠᠭᠢᠯᠭᠠᠨ ᠭᠠᠷᠭᠠᠬᠤ ᠬᠡᠮᠵᠢᠶ᠎ᠡ 36.96 ᠳ᠋ᠦᠩᠰᠢᠭᠤᠷ ᠺᠢᠯᠣᠸᠠᠲ ᠴᠠᠭ ᠲᠤ ᠬᠦᠷᠬᠦ ᠪᠣᠯᠣᠨ᠎ᠠ᠃      ᠡᠨᠡ ᠬᠤᠶᠠᠷ ᠡᠳᠦᠷ᠂ ᠥᠪᠥᠷ ᠮᠣᠩᠭᠤᠯ ᠤᠨ ᠡᠨᠧᠷᠭᠢ ᠶᠢᠨ ᠴᠠᠭᠢᠯᠭᠠᠨ ᠭᠠᠷᠭᠠᠬᠤ ᠬᠢᠩᠭᠠᠨ ᠤ ᠢᠯᠴᠢ ᠶᠢᠨ ᠴᠠᠭᠢᠯᠭᠠᠨ ᠤ ᠬᠢᠵᠠᠭᠠᠷᠲᠤ ᠺᠤᠮᠫᠠᠨᠢ ᠶᠢᠨ ᠠᠵᠢᠯᠲᠠᠳ ᠶᠠᠭ ᠠᠩᠬᠠᠨ ᠤ ᠥᠷᠲᠡᠭᠡ ᠶᠢᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠬᠢᠵᠦ᠂ ᠢᠯᠴᠢ ᠶᠢᠨ ᠲᠣᠣᠷ ᠤᠨ ᠡᠷᠭᠢᠯᠲᠡ ᠶᠢᠨ ᠬᠥᠭᠡᠷᠭᠡ᠂ ᠬᠠᠯᠠᠭᠠᠭᠤᠷ ᠪᠣᠯᠣᠨ ᠢᠯᠴᠢ ᠬᠠᠩᠭᠠᠬᠤ ᠬᠤᠭᠤᠯᠠᠢ ᠶᠢᠨ ᠪᠠᠭᠲᠠᠭᠠᠮᠵᠢ ᠶᠢ ᠥᠷᠭᠡᠳᠬᠡᠬᠦ ᠪᠠᠷ ᠪᠤᠢ᠃      ᠡᠨᠡ ᠵᠢᠯ ᠬᠢᠩᠭᠠᠨ ᠠᠶᠢᠮᠠᠭ 31 ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 15 ᠳ᠋ᠦᠩᠰᠢᠭᠤᠷ ᠲᠥᠭᠦᠷᠢᠭ ᠲᠤ ᠬᠦᠷᠴᠦ ᠪᠤᠢ᠃ ᠣᠲᠣ ᠪᠤᠯᠲᠠᠯ᠎ᠠ ᠪᠠᠷᠢᠯᠭ᠎ᠠ ᠡᠬᠢᠯᠡᠭᠦᠯᠦᠭᠰᠡᠨ ᠲᠥᠷᠥᠯ ᠵᠦᠢᠯ ᠨᠡᠶᠢᠲᠡ 11 ᠪᠤᠢ᠃ 5 ᠰᠠᠷ᠎ᠠ ᠶᠢᠨ 31 ᠤ ᠡᠳᠦᠷ ᠭᠦᠷᠳᠡᠯ᠎ᠠ ᠪᠦᠭᠦ ᠠᠶᠢᠮᠠᠭ ᠨᠡᠶᠢᠲᠡ 26 ᠲᠥᠷᠥᠯ ᠵᠦᠢᠯ ᠢ ᠠᠵᠢᠯ ᠡᠬᠢᠯᠡᠭᠦᠯᠵᠦ᠂ ᠠᠵᠢᠯ ᠡᠬᠢᠯᠡᠭᠦᠯᠬᠦ ᠨᠣᠷᠮ᠎ᠠ  ᠨᠢ 83.9% ᠪᠠᠶᠢᠵᠤ᠂ 7 ᠰᠠᠷ᠎ᠠ ᠶᠢᠨ 25 ᠤ ᠡᠳᠦᠷ ᠠᠴᠠ ᠡᠮᠦᠨ᠎ᠡ 100% ᠪᠠᠷ ᠠᠵᠢᠯ ᠡᠬᠢᠯᠡᠭᠦᠯᠬᠦ ᠪᠠᠷ ᠲᠥᠯᠥᠪᠯᠡᠵᠦ᠂ ᠳᠤᠯᠠᠭᠠᠯᠠᠭ᠎ᠠ ᠶᠢᠨ ᠬᠤᠭᠤᠴᠠᠭ᠎ᠠ ᠠᠴᠠ ᠡᠮᠦᠨ᠎ᠡ ᠪᠦᠭᠦ ᠠᠵᠢᠯ ᠢ ᠳᠠᠭᠤᠰᠬᠠᠬᠤ ᠪᠣᠯᠣᠨ᠎ᠠ᠃      4 ᠰᠠᠷ᠎ᠠ ᠶᠢᠨ 15 ᠤ ᠡᠳᠦᠷ᠂ ᠤᠯᠠᠭᠠᠨᠴᠠᠪ ᠬᠤᠲᠠ ᠶᠢᠨ 8 ᠬᠤᠰᠢᠭᠤ ᠰᠢᠶᠠᠨ ᠬᠤᠲᠠ ᠲᠣᠭᠤᠷᠢᠭ ᠤᠨ ︽ᠳᠤᠯᠠᠭᠠᠯᠠᠭ᠎ᠠ ᠶᠢᠨ ᠢᠨᠵᠧᠨᠧᠷᠢᠩ︾ ᠤᠨ 16 ᠲᠥᠷᠥᠯ ᠵᠦᠢᠯ ᠵᠠᠯᠭᠠᠭ᠎ᠠ ᠪᠠᠷ ᠠᠵᠢᠯ ᠡᠬᠢᠯᠡᠭᠦᠯᠵᠦ᠂ ᠪᠤᠰᠤᠳ 3 ᠬᠤᠰᠢᠭᠤ ᠰᠢᠶᠠᠨ ᠨᠢ 4 ᠰᠠᠷ᠎ᠠ ᠶᠢᠨ 30 ᠤ ᠡᠳᠦᠷ ᠳᠤᠯᠠᠭᠠᠯᠠᠭ᠎ᠠ ᠵᠣᠭᠰᠣᠭᠠᠭᠰᠠᠨ ᠤ ᠳᠠᠷᠠᠭ᠎ᠠ ᠠᠵᠢᠯ ᠢᠶᠠᠨ ᠡᠬᠢᠯᠡᠭᠦᠯᠬᠦ ᠪᠣᠯᠣᠨ᠎ᠠ᠃      ᠤᠯᠠᠭᠠᠨᠴᠠᠪ ᠬᠤᠲᠠ ︽ᠳᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠬᠦ ᠲᠤᠬᠠᠢ ᠪᠦᠭᠦ ᠲᠠᠯ᠎ᠠ ᠪᠠᠷ ᠪᠠᠶᠢᠷᠢᠯᠠᠭᠤᠯᠵᠤ᠂ ᠬᠤᠲᠠ ᠶᠢᠨ ᠱᠠᠲᠤ ᠪᠠ ᠬᠤᠰᠢᠭᠤ ᠰᠢᠶᠠᠨ ᠬᠤᠲᠠ ᠲᠣᠭᠤᠷᠢᠭ ᠤᠨ ᠬᠡᠷᠡᠭᠵᠢᠭᠦᠯᠬᠦ ᠲᠥᠰᠥᠯ ᠢ ᠪᠦᠭᠦᠨ ᠢ ᠲᠣᠭᠲᠠᠭᠠᠵᠤ ᠳᠠᠷᠤᠮᠠᠯᠯᠠᠨ ᠲᠠᠷᠬᠠᠭᠠᠪᠠ᠃ ᠲᠣᠰ ᠬᠤᠲᠠ 1 ᠰᠠᠷ᠎ᠠ ᠶᠢᠨ ᠳᠤᠮᠳᠠᠴᠢ ᠪᠠᠷ ᠡᠯ᠎ᠡ ᠬᠤᠰᠢᠭᠤ ᠰᠢᠶᠠᠨ ᠬᠤᠲᠠ ᠲᠣᠭᠤᠷᠢᠭ ᠢ ᠵᠣᠬᠢᠶᠠᠨ ᠪᠠᠶᠢᠭᠤᠯᠵᠤ ᠪᠤᠶ ᠪᠦᠬᠦᠢ ᠢᠯᠴᠢ ᠶᠢᠨ ᠢᠷᠡᠯᠲᠡ᠂ ᠢᠯᠴᠢ ᠶᠢᠨ ᠲᠣᠣᠷ᠂ ᠢᠯᠴᠢ ᠶᠢᠨ ᠬᠦᠴᠦᠨ ᠤ ᠥᠷᠲᠡᠭᠡ ᠵᠡᠷᠭᠡ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠲᠥᠬᠦᠭᠡᠷᠦᠮᠵᠢ ᠶᠢ ᠨᠡᠶᠢᠳᠡᠮ ᠪᠠᠶᠢᠴᠠᠭᠠᠬᠤ ᠶᠢᠨ ᠬᠠᠮᠲᠤ 12345 ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢᠨ ᠢᠯᠴᠢ ᠬᠠᠩᠭᠠᠬᠤ ᠭᠤᠮᠣᠳᠠᠯ ᠲᠣᠭᠠᠴᠢᠯᠲᠠ ᠲᠥᠪᠯᠡᠷᠡᠭᠰᠡᠨ ᠰᠠᠭᠤᠭᠠᠯᠢ ᠠᠷᠠᠳ ᠤᠨ ᠲᠣᠭᠤᠷᠢᠭ ᠢ ᠭᠤᠣᠯᠳᠠᠯᠭ᠎ᠠ ᠲᠠᠢ ᠪᠠᠶᠢᠴᠠᠭᠠᠨ ᠣᠶᠢᠯᠠᠭᠠᠪᠠ᠃      ᠢᠨᠵᠧᠨᠧᠷᠢᠩ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ ᠤᠯᠠᠭᠠᠨᠴᠠᠪ ᠬᠤᠲᠠ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠶᠢ ᠲᠦᠷᠭᠡᠳᠬᠡᠵᠦ᠂ ᠴᠠᠭ ᠤᠨ ᠵᠠᠩᠭᠢᠯᠠᠭ᠎ᠠ  ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠣᠭᠠᠯᠠᠨ ᠵᠢᠭᠰᠠᠭᠠᠵᠤ᠂ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠪᠠ᠃      ᠤᠯᠠᠭᠠᠨᠬᠠᠳᠠ ᠬᠤᠲᠠ ᠡᠨᠡ ᠵᠢᠯ 14.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠢᠯᠴᠢ ᠬᠠᠩᠭᠠᠬᠤ ᠬᠦᠷᠢᠶᠡᠨ ᠳᠠᠬᠢ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ᠂ ᠢᠯᠴᠢ ᠶᠢᠨ ᠲᠣᠣᠷ ᠤᠨ ᠰᠢᠨᠡᠴᠢᠯᠡᠯᠲᠡ᠂ ᠢᠯᠴᠢ ᠶᠢᠨ ᠬᠦᠴᠦᠨ ᠤ ᠥᠷᠲᠡᠭᠡ ᠶᠢᠨ ᠳᠡᠭᠡᠭᠰᠢᠯᠡᠯᠲᠡ᠂ ᠭᠡᠷ ᠳᠣᠲᠣᠷᠠᠬᠢ ᠥᠭᠡᠷᠡᠴᠢᠯᠡᠯᠲᠡ᠂ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠲᠠᠯ᠎ᠠ ᠠᠴᠠ ᠠᠰᠠᠭᠤᠳᠠᠯ ᠢ ᠪᠠᠶᠢᠴᠠᠭᠠᠨ᠂ ᠳᠤᠲᠠᠭᠤᠳᠠᠯ ᠢ ᠨᠥᠬᠦᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠨ᠂ ᠦᠢᠯᠡᠴᠢᠯᠡᠭᠡ ᠶᠢ ᠴᠢᠩᠭᠠᠳᠬᠠᠵᠤ᠂ ᠣᠶᠤᠨᠲᠤ ᠢᠯᠴᠢ ᠬᠠᠩᠭᠠᠬᠤ ᠵᠠᠭᠪᠤᠷ ᠢ ᠰᠦᠪᠡᠭᠴᠢᠯᠡᠨ ᠪᠠᠶᠢᠭᠤᠯᠵᠤ᠂ ᠪᠦᠭᠦ ᠬᠤᠲᠠ ᠶᠢᠨ ᠬᠤᠲᠠ ᠪᠠᠯᠭᠠᠰᠤᠨ ᠤ ᠢᠯᠴᠢ ᠬᠠᠩᠭᠠᠬᠤ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠳᠤᠯᠠᠭᠠᠬᠠᠨ ᠡᠪᠦᠯᠵᠢᠬᠦ ᠶᠢ ᠦᠨᠡᠨ ᠬᠦ ᠪᠠᠲᠤᠯᠠᠬᠤ ᠪᠣᠯᠣᠨ᠎ᠠ᠃      4 ᠰᠠᠷ᠎ᠠ ᠶᠢᠨ 12 ᠤᠨ ᠡᠳᠦᠷ᠂ ᠰᠢᠯᠢᠩᠬᠤᠲᠠ ᠶᠢᠨ ︽ᠳᠤᠯᠠᠭᠠᠯᠠᠭ᠎ᠠ ᠶᠢᠨ ᠢᠨᠵᠧᠨᠧᠷᠢᠩ︾ ᠵᠢᠴᠢ ᠰᠢᠨ ᠴᠧᠨ ᠢᠯᠴᠢ ᠬᠠᠩᠭᠠᠬᠤ ᠺᠤᠮᠫᠠᠨᠢ ᠶᠢᠨ ᠰᠢᠨ᠎ᠡ ᠪᠠᠷ ᠪᠠᠶᠢᠭᠤᠯᠤᠭᠰᠠᠨ ᠬᠠᠢ ᠾᠧ ᠵᠠᠮ ᠤᠨ ᠨᠢᠭᠡᠳᠦᠭᠡᠷ ᠲᠣᠣᠷ ᠰᠦᠯᠵᠢᠶ᠎ᠡ ᠶᠢᠨ ᠰᠠᠯᠪᠤᠷᠢ ᠬᠤᠭᠤᠯᠠᠢ ᠶᠢᠨ ᠪᠠᠷᠢᠯᠭ᠎ᠠ ᠶᠢᠨ ᠠᠵᠢᠯ ᠵᠢᠩᠬᠢᠨᠢ ᠪᠠᠷ ᠡᠬᠢᠯᠡᠪᠡ᠃ 2024 ᠣᠨ ᠤ ᠰᠢᠯᠢᠩᠬᠤᠲᠠ ᠶᠢᠨ ︽ᠳᠤᠯᠠᠭᠠᠯᠠᠭ᠎ᠠ ᠶᠢᠨ ᠢᠨᠵᠧᠨᠧᠷᠢᠩ︾ ᠳᠤ ᠳᠤᠯᠠᠭᠠᠯᠠᠭ᠎ᠠ ᠶᠢᠨ ᠮᠠᠰᠢᠨ ᠴᠣᠭᠴᠠᠯᠠᠪᠤᠷᠢ ᠶᠢ ᠥᠭᠡᠷᠡᠴᠢᠯᠡᠬᠦ᠂ ᠬᠤᠭᠤᠯᠠᠢ ᠶᠢᠨ ᠲᠣᠣᠷ ᠢ ᠰᠢᠨᠡᠳᠬᠡᠬᠦ᠂ ᠦᠢᠯᠡᠴᠢᠯᠡᠭᠡᠨ ᠤ  ᠲᠦᠪᠰᠢᠨ ᠢ ᠳᠡᠭᠡᠭᠰᠢᠯᠡᠭᠦᠯᠭᠦ ᠵᠡᠷᠭᠡ 4 ᠲᠠᠯ᠎ᠠ ᠶᠢᠨ 13 ᠲᠥᠷᠥᠯ ᠵᠦᠢᠯ ᠢ ᠬᠠᠮᠤᠷᠴᠤ᠂ ᠶᠡᠷᠦᠩᠬᠡᠢ ᠪᠡᠯᠡ ᠣᠷᠣᠭᠤᠯᠤᠯᠲᠠ ᠨᠢ 1.57 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠳᠤ᠂ ᠵᠠᠰᠠᠭ ᠤᠨ ᠣᠷᠳᠣᠨ ᠠᠴᠠ 6495 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠯ᠎ᠡ ᠳᠤᠯᠠᠭᠠᠯᠠᠭ᠎ᠠ ᠶᠢᠨ ᠠᠵᠤ ᠠᠬᠤᠶᠢᠯᠠᠯ ᠠᠴᠠ 9237 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ ᠢ 88.48 ᠺᠢᠯᠣᠮᠧᠲᠷ ᠥᠭᠡᠷᠡᠴᠢᠯᠡᠪᠡ᠃      ᠬᠥᠯᠥᠨ ᠪᠤᠶᠢᠷ ᠬᠤᠲᠠ ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ︽ᠨᠢᠭᠡ ᠶᠢ ᠪᠡᠯᠡᠳᠬᠡᠵᠦ ᠳᠠᠭᠤᠰᠪᠠᠯ ᠨᠢᠭᠡ ᠶᠢ ᠠᠵᠢᠯ ᠡᠬᠢᠯᠡᠭᠦᠯᠬᠦ︾ ᠶᠢ ᠪᠡᠶᠡᠯᠡᠭᠦᠯᠪᠡ᠃ ᠬᠠᠶᠢᠯᠠᠷ ᠲᠣᠭᠤᠷᠢᠭ ᠤᠨ ᠢᠯᠴᠢ ᠬᠠᠩᠭᠠᠬᠤ ᠠᠵᠤ ᠠᠬᠤᠶᠢᠯᠠᠯ ᠤᠨ ᠨᠢᠭᠡ ᠪᠤᠯᠬᠤ ᠬᠥᠯᠥᠨ ᠪᠤᠶᠢᠷ ᠤᠨ ᠱᠤᠸᠠᠩ ᠯᠢᠶᠠᠩ ᠡᠨᠧᠷᠭᠢ ᠶᠢᠨ ᠰᠢᠰᠲ᠋ᠧᠮ ᠤᠨ ᠬᠢᠵᠠᠭᠠᠷᠲᠤ ᠺᠤᠮᠫᠠᠨᠢ ᠡᠨᠡ ᠵᠢᠯ 5000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠶᠠᠷ ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠤᠶ᠂ ᠡᠭᠦᠨ ᠳᠤ ᠨᠢᠭᠡᠳᠦᠭᠡᠷ ᠱᠠᠲᠤᠨ ᠤ ᠬᠤᠭᠤᠯᠠᠢ ᠶᠢᠨ ᠲᠣᠣᠷ ᠪᠣᠯᠣᠨ ᠢᠯᠴᠢ ᠰᠣᠯᠢᠬᠤ ᠥᠷᠲᠡᠭᠡ ᠶᠢᠨ ᠰᠢᠨ᠎ᠡ ᠪᠠᠷ ᠪᠠᠶᠢᠭᠤᠯᠬᠤ᠂ ᠴᠡᠭᠴᠡᠯᠡᠨ ᠰᠠᠶᠢᠵᠢᠷᠠᠭᠤᠯᠬᠤ᠂ ᠳᠤᠲᠠᠭᠤᠳᠠᠯ ᠢ ᠰᠢᠢᠳᠪᠦᠷᠢᠯᠡᠬᠦ ᠵᠢᠴᠢ ᠣᠶᠤᠨᠲᠤ ᠢᠯᠴᠢ ᠬᠠᠩᠭᠠᠬᠤ ᠡᠭᠦᠯᠡᠨ ᠲᠠᠪᠴᠠᠩ ᠤᠨ ᠪᠦᠲᠦᠭᠡᠨ ᠪᠠᠶᠢᠭᠤᠯᠤᠯᠲᠠ ᠪᠠᠭᠲᠠᠨ᠎ᠠ᠃      ᠣᠶᠢᠯᠠᠭᠠᠭᠰᠠᠨ ᠢᠶᠠᠷ᠂ ᠣᠯᠠᠨ ᠲᠦᠮᠡᠨ ᠤ ᠦᠨᠳᠦᠰᠦᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠢ ᠪᠠᠲᠤᠯᠠᠬᠤ ᠳᠤ ᠨᠠᠩ ᠰᠠᠶᠢᠲᠤᠷ ᠦᠢᠯᠡᠴᠢᠯᠡᠬᠦ ᠶᠢᠨ ᠲᠥᠯᠥᠭᠡ᠂ ᠡᠨᠡ ᠵᠢᠯ ᠠᠯᠠᠱᠠ ᠠᠶᠢᠮᠠᠭ ︽ᠳᠤᠯᠠᠭᠠᠯᠠᠭ᠎ᠠ ᠶᠢᠨ ᠢᠨᠵᠧᠨᠧᠷᠢᠩ︾ ᠤᠨ 19 ᠲᠥᠷᠥᠯ ᠵᠦᠢᠯ ᠢ ᠬᠡᠷᠡᠭᠵᠢᠭᠦᠯᠵᠦ᠂ 25925 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠢᠯᠴᠢ ᠡᠭᠦᠰᠬᠡᠭᠴᠢ ᠶᠢ ᠥᠭᠡᠷᠡᠴᠢᠯᠡᠬᠦ᠂ ᠢᠯᠴᠢ ᠬᠠᠩᠭᠠᠬᠤ ᠨᠢᠭᠡᠳᠦᠭᠡᠷ ᠱᠠᠲᠤᠨ ᠤ ᠬᠤᠭᠤᠯᠠᠢ ᠶᠢᠨ ᠲᠣᠣᠷ ᠢ ᠥᠭᠡᠷᠡᠴᠢᠯᠡᠬᠦ᠂ ᠢᠯᠴᠢ ᠬᠠᠩᠭᠠᠬᠤ ᠬᠤᠶᠠᠳᠤᠭᠠᠷ ᠳᠡᠰ ᠤᠨ ᠬᠤᠭᠤᠯᠠᠢ ᠶᠢᠨ ᠲᠣᠣᠷ ᠢ ᠥᠭᠡᠷᠡᠴᠢᠯᠡᠬᠦ᠂ ᠠᠰᠠᠷ ᠤᠨ ᠪᠣᠰᠤᠭ᠎ᠠ ᠬᠤᠭᠤᠯᠠᠢ ᠶᠢ ᠥᠭᠡᠷᠡᠴᠢᠯᠡᠬᠦ᠂ ᠢᠯᠴᠢ ᠰᠣᠯᠢᠬᠤ ᠥᠷᠲᠡᠭᠡ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠬᠦ᠂ ᠣᠶᠤᠨᠲᠤ ᠢᠯᠴᠢ ᠬᠠᠩᠭᠠᠬᠤ ᠵᠡᠷᠭᠡ ᠶᠢ ᠪᠠᠭᠲᠠᠭᠠᠨ᠎ᠠ᠃      4 ᠰᠠᠷ᠎ᠠ ᠶᠢᠨ 9 ᠤ ᠡᠳᠦᠷ᠂ ᠦᠬᠠᠢ ᠬᠤᠲᠠ ᠶᠢᠨ ᠢᠯᠴᠢ ᠶᠢᠨ ᠬᠦᠴᠦᠨ ᠤ ᠬᠤᠪᠢᠴᠠᠭᠠᠲᠦ ᠬᠢᠵᠠᠭᠠᠷᠲᠤ ᠺᠤᠮᠫᠠᠨᠢ ︽ᠳᠤᠯᠠᠭᠠᠯᠠᠭ᠎ᠠ ᠶᠢᠨ ᠢᠨᠵᠧᠨᠧᠷᠢᠩ︾ ᠤᠨ ᠳᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠵᠤ᠂ ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢᠶᠠᠨ ᠡᠬᠢᠯᠡᠭᠦᠯᠪᠡ᠃      ᠲᠠᠨᠢᠯᠴᠠᠭᠤᠯᠤᠭᠰᠠᠨ ᠢᠶᠠᠷ᠂ ᠨᠠᠶᠢᠳᠠ 9.9467 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠪᠦᠲᠦᠭᠡᠨ ᠪᠠᠶᠢᠭᠤᠯᠬᠤ ᠦᠶᠡᠯᠡᠯ ᠤᠨ ᠬᠤᠭᠤᠴᠠᠭ᠎ᠠ ᠨᠢ 2024 ᠣᠨ - 2026 ᠣᠨ ᠪᠣᠯᠣᠨ᠎ᠠ᠂ ᠡᠭᠦᠨ ᠳᠤ ᠳᠠᠮᠵᠢᠭᠤᠯᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ᠂ ᠰᠢᠨ᠎ᠡ ᠪᠠᠷ ᠪᠠᠶᠢᠭᠤᠯᠬᠤ ᠪᠠᠴᠢᠮ ᠪᠠᠶᠢᠳᠠᠯ ᠢ ᠠᠷᠭᠠᠴᠠᠭᠠᠬᠤ ᠰᠢᠲᠠᠮᠠᠬᠠᠢ ᠬᠡᠢ ᠶᠢᠨ ᠭᠦᠸᠧᠯᠦ᠂ ︽ᠳᠤᠯᠠᠭᠠᠯᠠᠭ᠎ᠠ ᠶᠢᠨ ᠢᠨᠵᠧᠨᠧᠷᠢᠩ︾ ᠤᠨ ᠢᠯᠴᠢ ᠬᠠᠩᠭᠠᠬᠤ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ᠂ ︽ᠢᠯᠴᠢ ᠴᠠᠭᠢᠯᠭᠠᠨ ᠢ ᠵᠡᠷᠭᠡ ᠪᠠᠷ ᠦᠢᠯᠡᠳᠪᠦᠷᠢᠯᠡᠬᠦ︾ ᠴᠡᠪᠡᠷ ᠡᠨᠧᠷᠭᠢ ᠪᠠᠷ ᠢᠯᠴᠢ ᠬᠠᠩᠭᠠᠬᠤ ᠥᠭᠡᠷᠡᠴᠢᠯᠡᠯᠲᠡ᠂ ᠰᠢᠲᠠᠮᠠᠬᠠᠢ ᠬᠡᠢ ᠶᠢᠨ ᠭᠦᠸᠧᠯᠦ ᠶᠢᠨ ᠪᠠᠶᠢᠰᠢᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠵᠢᠴᠢ ᠥᠷᠲᠡᠭᠡ ᠶᠢᠨ ᠳᠣᠲᠣᠷᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠵᠡᠷᠭᠡ 7 ᠲᠥᠷᠥᠯ ᠵᠦᠢᠯ ᠪᠠᠭᠲᠠᠨ᠎ᠠ᠃      ᠥᠪᠡᠷᠲᠡᠭᠡᠨ ᠵᠠᠰᠠᠬᠤ ᠣᠷᠣᠨ ᠪᠣᠯᠣᠨ ᠪᠤᠭᠤᠲᠤ ᠬᠤᠳᠠ ᠶᠢᠨ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠴᠢᠩᠱᠠᠨ ᠲᠣᠭᠤᠷᠢᠭ ᠦᠳᠲᠡᠷ ᠲᠦᠷᠭᠡᠨ ᠬᠥᠳᠡᠯᠦᠯᠴᠡᠵᠦ᠂ ᠠᠵᠢᠯᠯᠠᠭᠠᠨ ᠤ ᠲᠥᠰᠥᠯ ᠢᠶᠠᠨ ᠢᠳᠡᠪᠬᠢᠲᠡᠢ ᠲᠥᠯᠥᠪᠵᠢᠭᠦᠯᠵᠦ᠂ 4 ᠰᠠᠷ᠎ᠠ ᠶᠢᠨ ᠰᠡᠭᠦᠯᠴᠢ ᠪᠠᠷ 2024 ᠣᠨ ᠤ ︽ᠳᠤᠯᠠᠭᠠᠯᠠᠭ᠎ᠠ  ᠶᠢᠨ ᠢᠨᠵᠧᠨᠧᠷᠢᠩ︾ ᠤᠨ ᠲᠦᠷᠦᠯ ᠵᠦᠢᠯ ᠢ ᠡᠬᠢᠯᠡᠭᠦᠯᠬᠦ ᠪᠠᠷ ᠲᠥᠯᠥᠪᠯᠡᠵᠦ ᠪᠠᠶᠢᠨ᠎ᠠ᠃ ᠲᠥᠰᠥᠯ ᠢ ᠦᠨᠳᠦᠰᠦᠯᠡᠪᠡᠯ᠂ ᠲᠣᠰ ᠤᠳᠠᠭᠠᠨ ᠤ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ ᠪᠠᠷᠤᠭ 2 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠲᠥᠷᠥᠯ ᠵᠦᠢᠯ ᠢ ᠶᠠᠭ ᠡᠮᠬᠢ ᠵᠢᠷᠤᠮ ᠲᠠᠢ ᠠᠬᠢᠭᠤᠯᠵᠤ᠂ 9 ᠰᠠᠷ᠎ᠠ ᠶᠢᠨ ᠡᠴᠦᠰ ᠢᠶᠠᠷ ᠪᠦᠭᠦ ᠠᠵᠢᠯ ᠢ ᠳᠠᠭᠤᠰᠬᠠᠬᠤ ᠪᠠᠷ ᠲᠥᠯᠥᠪᠯᠡᠵᠦ᠂ 10 ᠰᠠᠷ᠎ᠠ ᠶᠢᠨ 15 ᠤ ᠡᠳᠦᠷ ᠬᠡᠪ ᠤᠨ ᠶᠣᠰᠣᠭᠠᠷ ᠢᠯᠴᠢ ᠬᠠᠩᠭᠠᠬᠤ ᠶᠢ ᠦᠨᠡᠨ ᠬᠦ ᠪᠠᠲᠤᠯᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号