︵2024 ᠣᠨ ᠤ 3 ᠰᠠᠷ᠎ᠠ ᠶᠢᠨ 28 ᠤ ᠡᠳᠦᠷ︶ | | | ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠨᠢ ᠠᠷᠠᠳ | ᠲᠦᠮᠡᠨ ᠤ ᠠᠮᠤᠷ ᠵᠢᠮᠤᠷ ᠠᠵᠤ ᠲᠦᠷᠦᠭᠦ ᠶᠢ ᠪᠠᠲᠤᠯᠠᠬᠤ ᠲᠠᠢ ᠬᠤᠯᠪᠣᠭᠳᠠᠵᠤ᠂ ᠨᠡᠶᠢᠭᠡᠮ ᠤᠨ ᠠᠮᠤᠷ ᠲᠣᠭᠲᠠᠭᠤᠨ | ᠡᠮᠬᠢ ᠳᠢᠭᠯᠢᠮ ᠢ ᠬᠠᠮᠠᠭᠠᠯᠠᠬᠤ ᠲᠠᠢ ᠬᠤᠯᠪᠣᠭᠳᠠᠵᠤ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ | ᠰᠠᠭᠤᠷᠢ ᠶᠢ ᠪᠠᠬᠢᠵᠢᠭᠦᠯᠬᠦ ᠲᠠᠢ ᠬᠤᠯᠪᠣᠭᠳᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠤᠶ᠎ᠠ᠃ | ᠨᠢᠭᠡ᠂ ᠶᠡᠷᠦᠩᠬᠡᠢ ᠱᠠᠭᠠᠷᠳᠠᠯᠭ᠎ᠠ | ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠳᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ | ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠲᠤᠰᠬᠠᠶᠢᠵᠢᠭᠰᠠᠨ ᠴᠢᠭᠯᠡᠯ ᠢ | ᠪᠠᠷᠢᠮᠲᠠᠯᠠᠵᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ᠠᠵᠢᠯ | ᠮᠡᠷᠭᠡᠵᠢᠯ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠤᠷᠮᠠᠰᠢᠭᠤᠯᠬᠤ ᠪᠠᠲᠤᠯᠠᠭ᠎ᠠ ᠶᠢ ᠴᠢᠩᠭᠠᠷᠠᠭᠤᠯᠵᠤ᠂ ᠤᠯᠤᠰ | ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ᠂ ᠠᠵᠢᠯ ᠦᠢᠯᠡᠰ ᠢᠶᠠᠨ | ᠳᠡᠭᠡᠳᠦᠯᠡᠵᠦ ᠬᠤᠪᠢ ᠨᠡᠮᠡᠷᠢ ᠦᠵᠡᠭᠦᠯᠭᠦ᠂ ᠪᠦᠲᠦᠴᠡ ᠵᠣᠬᠢᠰᠲᠠᠢ᠂ ᠣᠯᠠᠨ ᠲᠦᠮᠡᠨ ᠳᠤ ᠲᠠᠭᠠᠰᠢᠶᠠᠭᠳᠠᠭᠰᠠᠨ ᠨᠡᠶᠢᠭᠡᠮ | ᠲᠣᠭᠤᠷᠢᠭ ᠤᠨ ᠠᠵᠢᠯᠲᠠᠨ ᠤ ᠡᠩᠨᠡᠭᠡ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢ ᠴᠢᠩᠭᠠᠳᠬᠠᠨ | ᠲᠡᠭᠦᠯᠳᠡᠷᠵᠢᠭᠦᠯᠬᠦ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ | 5 ᠵᠢᠯ ᠣᠷᠴᠢᠮ ᠤᠨ ᠴᠠᠭ ᠬᠤᠭᠤᠴᠠᠭ᠎ᠠ ᠶᠢ ᠬᠡᠷᠡᠭᠯᠡᠵᠦ ᠪᠠᠶᠢᠭᠠᠳ ᠳᠣᠣᠷᠠᠬᠢ ᠭᠤᠣᠯ ᠬᠠᠷᠠᠯᠲᠠ ᠶᠢ | ᠪᠡᠶᠡᠯᠡᠭᠦᠯᠦᠨ᠎ᠡ᠄ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠰᠢᠰᠲ᠋ᠧᠮ ᠢ ᠦᠨᠳᠦᠰᠦᠨ ᠳᠤᠨᠢ | ᠪᠠᠶᠢᠭᠤᠯᠵᠤ᠂ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠷᠠᠭᠤᠯᠤᠨ᠂ ᠬᠠᠮᠢᠶᠠᠷᠤᠯᠲᠠ ᠶᠢᠨ | ᠳᠦᠷᠢᠮ ᠢ ᠨᠡᠩ ᠰᠢᠨᠵᠢᠯᠡᠬᠦ ᠤᠬᠠᠭᠠᠨᠴᠢ ᠪᠤᠯᠭᠠᠵᠤ᠂ ᠤᠷᠮᠠᠰᠢᠭᠤᠯᠤᠨ ᠪᠠᠲᠤᠯᠠᠬᠤ ᠲᠣᠭᠲᠠᠴᠠ ᠶᠢ ᠴᠢᠨᠠᠭᠰᠢᠳᠠ | ᠪᠦᠷᠢᠨᠰᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠢ ᠬᠠᠯᠠᠮᠵᠢᠯᠠᠨ ᠬᠠᠶᠢᠷᠠᠯᠠᠬᠤ ᠠᠭᠤᠷ ᠠᠮᠢᠰᠬᠤᠯ ᠢ ᠡᠳᠦᠷ | ᠢᠷᠡᠬᠦᠶ᠎ᠡ ᠥᠳᠭᠡᠷᠡᠭᠦᠯᠦᠨᠡ᠃ ᠨᠡᠶᠢᠭᠡᠮ ᠲᠣᠭᠤᠷᠢᠭ ᠤᠨ ᠠᠵᠢᠯᠲᠠᠨ ᠤ ᠤᠯᠤᠰ ᠲᠥᠷᠥ ᠶᠢᠨ ᠬᠡᠪ ᠪᠣᠯᠪᠠᠰᠤᠷᠠᠯ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ᠂ ᠠᠵᠢᠯ ᠤᠨ ᠰᠤᠷᠲᠠᠯ ᠢ ᠪᠦᠭᠦ ᠲᠠᠯ᠎ᠠ ᠪᠠᠷ ᠴᠢᠩᠭᠠᠷᠠᠭᠤᠯᠵᠤ᠂ | ᠡᠩᠨᠡᠭᠡ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠴᠠᠯᠢᠩ ᠣᠷᠣᠯᠭ᠎ᠠ ᠶᠢ ᠵᠦᠢ ᠵᠣᠬᠢᠰᠲᠠᠢ ᠪᠠᠲᠤᠯᠠᠵᠤ᠂ | ᠠᠵᠢᠯ ᠤᠨ ᠲᠤᠬᠠᠢ ᠮᠡᠳᠡᠷᠡᠭᠳᠡᠬᠦ ᠰᠡᠳᠬᠢᠯᠭᠡ ᠪᠠ ᠣᠮᠣᠭᠰᠢᠯᠲᠤ ᠰᠡᠳᠬᠢᠯᠭᠡ ᠶᠢ ᠦᠨᠡᠨ ᠬᠦ ᠴᠢᠩᠭᠠᠷᠠᠭᠤᠯᠵᠤ᠂ | ᠠᠷᠠᠳ ᠲᠦᠮᠡᠨ ᠤ ᠲᠥᠯᠥᠭᠡ ᠵᠢᠳᠬᠦᠬᠦ ᠠᠷᠠᠳ ᠢᠶᠠᠨ ᠬᠠᠶᠢᠷᠠᠯᠠᠬᠤ᠂ ᠠᠵᠢᠯ ᠬᠢᠵᠦ ᠦᠢᠯᠡᠰ ᠪᠣᠰᠬᠠᠬᠤ ᠴᠤᠭ | ᠰᠦᠯᠳᠡ ᠶᠢ ᠴᠢᠨᠠᠭᠰᠢᠳᠠ ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠰᠢᠰᠲ᠋ᠧᠮ ᠢ ᠪᠦᠷᠢᠨᠰᠢᠭᠦᠯᠦᠨ᠎ᠡ | 1. ᠠᠵᠢᠯᠲᠠᠨ ᠤ ᠬᠡᠪᠴᠢᠶ᠎ᠡ ᠶᠢ ᠲᠣᠳᠣᠷᠬᠠᠶᠢᠯᠠᠨ᠎ᠠ᠃ ᠲᠤᠰ ᠰᠠᠨᠠᠯ ᠳᠤ ᠬᠡᠯᠡᠵᠦ ᠪᠠᠶᠢᠭ᠎ᠠ ᠨᠡᠶᠢᠭᠡᠮ | ᠲᠣᠭᠤᠷᠢᠭ ᠤᠨ ᠠᠵᠢᠯᠲᠠᠨ ᠭᠡᠳᠡᠭ ᠨᠢ ᠨᠡᠶᠢᠭᠡᠮ ᠲᠣᠭᠤᠷᠢᠭ ᠲᠤ ᠨᠠᠮ ᠤᠨ ᠪᠠᠶᠢᠭᠤᠯᠤᠯᠲᠠ᠂ ᠵᠠᠰᠠᠯᠲᠠ᠂ | ᠦᠢᠯᠡᠴᠢᠯᠡᠭᠡᠨ ᠤ ᠠᠵᠢᠯ ᠬᠢᠵᠦ ᠪᠠᠶᠢᠭ᠎ᠠ ᠪᠦᠬᠦᠯᠢ ᠡᠳᠦᠷ ᠤᠨ ᠳᠦᠷᠢᠮᠲᠦ ᠲᠤᠰᠬᠠᠢ ᠲᠤᠰᠢᠶᠠᠯ ᠤᠨ ᠠᠵᠢᠯᠲᠠᠨ ᠢ | ᠵᠢᠭᠠᠵᠤ ᠪᠤᠶ᠂ ᠭᠤᠣᠯᠳᠠᠭᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠪᠦᠷᠢᠯᠳᠦᠭᠦᠨ ᠤ ᠳᠣᠲᠣᠷᠠᠬᠢ ᠲᠤᠰᠬᠠᠢ | ᠲᠤᠰᠢᠶᠠᠯ ᠤᠨ ᠠᠵᠢᠯᠲᠠᠨ ︵ᠳᠣᠷᠣᠭᠰᠢ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠲᠤᠰᠬᠠᠢ ᠲᠤᠰᠢᠶᠠᠯ ᠤᠨ | ᠪᠦᠷᠢᠯᠳᠦᠭᠦᠨ ᠭᠡᠵᠦ ᠲᠣᠪᠴᠢᠯᠠᠨ᠎ᠠ︶ ᠪᠣᠯᠣᠨ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯ ᠤᠨ ᠠᠵᠢᠯᠲᠠᠨ ᠢ | ᠪᠠᠭᠲᠠᠭᠠᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠲᠤᠰᠬᠠᠢ ᠲᠤᠰᠢᠶᠠᠯ ᠤᠨ ᠪᠦᠷᠢᠯᠳᠦᠭᠦᠨ ᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠷᠢᠨ ᠲᠤᠮᠢᠯᠠᠨ᠎ᠠ᠃ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯ ᠤᠨ | ᠠᠵᠢᠯᠲᠠᠨ ᠢ ᠲᠤᠰᠬᠠᠢ ᠣᠷᠣᠨ ᠤ ᠲᠡᠰ ᠤᠨ ᠬᠤᠳᠠ ᠶᠢᠨ ᠱᠠᠲᠤ ᠪᠤᠶᠤ ᠰᠢᠶᠠᠨ ᠤ ᠱᠠᠲᠤᠨ ᠠᠴᠠ ᠨᠢᠭᠡᠳᠦᠯᠲᠡᠢ | ᠵᠣᠬᠢᠶᠠᠨ ᠪᠠᠶᠢᠭᠤᠯᠤᠨ ᠡᠯᠰᠡᠵᠦ᠂ ᠵᠡᠭᠡᠯᠢ ᠭᠤᠳᠤᠮᠵᠢ ︵ᠰᠢᠶᠠᠩ ᠪᠠᠯᠭᠠᠰᠤ︶ ᠠᠴᠠ ᠲᠥᠪᠯᠡᠷᠡᠭᠦᠯᠦᠨ ᠬᠠᠮᠢᠶᠠᠷᠴᠤ᠂ | ᠨᠡᠶᠢᠭᠡᠮ ᠲᠣᠭᠤᠷᠢᠭ ᠠᠴᠠ ᠨᠢᠭᠡᠳᠦᠯᠲᠡᠢ ᠲᠥᠯᠥᠪᠵᠢᠭᠦᠯᠦᠨ ᠬᠡᠷᠡᠭᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ | ︵ᠨᠢᠭᠡᠴᠢ︶ ᠤᠨ ᠣᠯᠠᠨ ᠲᠠᠯ᠎ᠠ ᠠᠴᠠ ᠠᠵᠢᠯ ᠤᠨ ᠪᠠᠶᠢᠷᠢ ᠲᠣᠬᠢᠷᠠᠭᠤᠯᠤᠨ ᠡᠯᠰᠡᠬᠦ ᠠᠵᠢᠯᠯᠠᠭ᠎ᠠ ᠶᠢ ᠵᠢᠷᠤᠮᠵᠢᠭᠤᠯᠵᠤ᠂ | ᠡᠭᠦᠨ ᠠᠴᠠ ᠡᠮᠦᠨ᠎ᠡ ᠡᠯᠰᠡᠭᠰᠡᠨ ᠨᠡᠶᠢᠭᠡᠮ ᠲᠣᠭᠤᠷᠢᠭ ᠲᠤ ᠠᠵᠢᠯᠯᠠᠵᠤ ᠪᠠᠶᠢᠭ᠎ᠠ ᠲᠤᠤᠷᠵᠢᠭᠤᠯᠤᠯᠲᠠ ᠶᠢᠨ ᠠᠵᠢᠯᠲᠠᠨ | ᠵᠡᠷᠭᠡ ᠲᠤᠰᠬᠠᠢ ᠲᠤᠰᠢᠶᠠᠯ ᠤᠨ ᠠᠵᠢᠯᠲᠠᠨ ᠨᠥᠬᠦᠴᠡᠯ ᠳᠤ ᠨᠡᠶᠢᠴᠡᠪᠡᠯ ᠢᠯᠡ ᠪᠠᠷ ᠡᠯᠰᠡᠬᠦ ᠲᠣᠭᠲᠠᠭᠠᠯ ᠶᠣᠰᠣᠭᠠᠷ | ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯ ᠤᠨ ᠠᠵᠢᠯᠲᠠᠨ ᠢᠶᠠᠷ ᠤᠷᠢᠨ ᠬᠡᠷᠡᠭᠯᠡᠵᠦ ᠪᠣᠯᠣᠨ᠎ᠠ᠂ ᠰᠢᠶᠠᠨ ᠤ | ᠱᠠᠲᠤᠨ ᠠᠴᠠ ᠤᠤᠯ ᠤᠨ ᠤᠷᠢᠨ ᠬᠡᠷᠡᠭᠯᠡᠭᠰᠡᠨ ᠰᠠᠯᠠᠭ᠎ᠠ ᠮᠥᠴᠢᠷ ︵ᠨᠢᠭᠡᠴᠢ︶ ᠤᠨ ᠬᠠᠮᠢᠶ᠎ᠠ ᠪᠦᠬᠦᠢ ᠠᠵᠢᠯᠲᠠᠨ ᠤ | ᠵᠠᠷᠤᠳᠠᠯ ᠢ ᠨᠢᠭᠡᠳᠦᠯᠲᠡᠢ ᠲᠥᠯᠥᠪᠵᠢᠭᠦᠯᠦᠨ ᠪᠠᠲᠤᠯᠠᠨ᠎ᠠ᠃ | 2. ᠤᠯᠤᠰ ᠲᠥᠷᠥ ᠶᠢᠨ ᠪᠣᠭᠤᠮᠲᠠ ᠶᠢ ᠴᠢᠩᠭ᠎ᠠ ᠰᠠᠬᠢᠨ᠎ᠠ᠃ ᠤᠯᠤᠰ ᠲᠦᠷᠦ ᠶᠢᠨ ᠪᠠᠷᠢᠮᠵᠢᠶ᠎ᠠ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ | ᠬᠦᠷᠢᠶᠡᠯᠡᠳᠡᠭ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠪᠣᠯᠪᠠᠰᠤᠷᠠᠯ ᠢᠶᠠᠷ ᠰᠠᠶᠢᠨ᠂ ᠰᠠᠬᠢᠯᠭ᠎ᠠ ᠪᠠᠲᠤ ᠬᠠᠤᠯᠢ | ᠴᠠᠭᠠᠵᠠ ᠶᠢ ᠰᠠᠬᠢᠳᠠᠭ᠂ ᠰᠠᠭᠤᠭᠠᠯᠢ ᠠᠷᠠᠳ ᠲᠤ ᠬᠠᠯᠠᠭᠤᠨ ᠰᠡᠳᠬᠢᠯ ᠢᠶᠠᠷ ᠦᠢᠯᠡᠴᠢᠯᠡᠳᠡᠭ ᠬᠥᠮᠥᠰ ᠢ ᠨᠡᠶᠢᠭᠡᠮ | ᠲᠣᠭᠤᠷᠢᠭ ᠤᠨ ᠠᠵᠢᠯᠲᠠᠨ ᠤ ᠡᠩᠨᠡᠭᠡᠨ ᠳᠤ ᠡᠯᠰᠡᠨ ᠣᠷᠣᠭᠤᠯᠤᠨ᠎ᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠳᠤ ᠰᠢᠯᠢᠳᠡᠭ ᠢ ᠨᠢ ᠰᠣᠩᠭᠤᠨ ᠬᠦᠴᠦᠷᠬᠡᠭ ᠢ ᠨᠢ ᠲᠣᠬᠢᠷᠠᠭᠤᠯᠵᠤ᠂ | ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠢ ᠪᠠᠶᠢᠭᠤᠯᠤᠨ ᠬᠦᠴᠦᠷᠬᠡᠭᠵᠢᠭᠦᠯᠵᠦ᠂ ᠤᠯᠤᠰ ᠲᠥᠷᠥ ᠶᠢᠨ | ᠲᠠᠯ᠎ᠠ ᠪᠠᠷ ᠪᠠᠲᠤ ᠴᠢᠩᠭ᠎ᠠ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠵᠠᠰᠠᠬᠤ᠂ ᠣᠯᠠᠨ | ᠲᠦᠮᠡᠨ ᠤ ᠢᠲᠡᠭᠡᠯ ᠢ ᠣᠯᠬᠤ ᠶᠢ ᠪᠡᠶᠡᠯᠡᠭᠦᠯᠦᠨ᠎ᠡ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ | ᠲᠣᠭᠤᠷᠢᠭ ᠤᠨ ᠲᠤᠰᠬᠠᠢ ᠲᠤᠰᠢᠶᠠᠯ ᠤᠨ ᠰᠢᠯᠢᠳᠡᠭ ᠠᠵᠢᠯᠲᠠᠨ ᠤ ᠳᠣᠲᠣᠷ᠎ᠠ ᠠᠴᠠ ᠨᠡᠶᠢᠭᠡᠮ ᠲᠣᠭᠤᠷᠢᠭ ᠤᠨ | ︽ᠬᠤᠶᠠᠷ ᠵᠥᠪᠯᠡᠯ︾ ᠤᠨ ᠲᠤᠰᠬᠠᠢ ᠲᠤᠰᠢᠶᠠᠯ ᠤᠨ ᠪᠦᠷᠢᠯᠳᠦᠭᠦᠨ ᠤ ᠪᠡᠯᠡᠳᠬᠡᠯ ᠬᠦᠴᠦᠨ ᠢ ᠬᠥᠮᠥᠵᠢᠭᠦᠯᠬᠦ ᠶᠢ | ᠴᠢᠬᠤᠯᠠᠴᠢᠯᠠᠨ᠎ᠠ᠃ | 3. ᠠᠵᠢᠯ ᠤᠨ ᠬᠦᠴᠦᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠤᠨ ᠬᠢᠨ ᠬᠤᠲᠠ | ᠪᠠᠯᠭᠠᠰᠤᠨ ᠤ ᠪᠠᠶᠢᠩᠭᠤ ᠰᠠᠭᠤᠭ᠎ᠠ ᠲᠦᠮᠡᠨ ᠬᠥᠮᠥᠨ ᠠᠮᠠ ᠪᠦᠷᠢ ᠳᠤ 18 ᠨᠡᠶᠢᠭᠡᠮ ᠲᠣᠭᠤᠷᠢᠭ ᠤᠨ ᠠᠵᠢᠯᠲᠠᠨ | ᠪᠠᠶᠢᠬᠤ ᠪᠠᠷᠢᠮᠵᠢᠶ᠎ᠠ ᠶᠣᠰᠣᠭᠠᠷ ᠲᠣᠬᠢᠷᠠᠭᠤᠯᠤᠯᠲᠠ ᠬᠢᠵᠦ᠂ ᠲᠤᠰᠬᠠᠢ ᠣᠷᠣᠨ ᠤ ᠲᠡᠰ ᠤᠨ ᠬᠤᠲᠠ ᠶᠢᠨ ᠱᠠᠲᠤ ᠪᠤᠶᠤ | ᠰᠢᠶᠠᠨ ᠤ ᠱᠠᠲᠤᠨ ᠤ ᠳᠠᠪᠬᠤᠷᠭ᠎ᠠ ᠠᠴᠠ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠵᠦ᠂ ᠲᠣᠭᠲᠠᠮᠠᠯ | ᠬᠤᠭᠤᠴᠠᠭ᠎ᠠ ᠲᠠᠢ ᠪᠠᠷ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯ ᠤᠨ | ᠠᠵᠢᠯᠲᠠᠨ ᠡᠯᠰᠡᠬᠦ ᠳᠤ ᠢᠯᠡ ᠪᠥᠭᠡᠳ ᠡᠷᠬᠡ ᠲᠡᠭᠰᠢ᠂ ᠥᠷᠢᠰᠦᠯᠳᠦᠭᠦᠯᠬᠦ ᠪᠠᠷ ᠲᠠᠮᠵᠢᠨ ᠰᠢᠯᠢᠳᠡᠭ ᠢ ᠨᠢ ᠰᠣᠩᠭᠤᠬᠤ | ᠵᠠᠷᠴᠢᠮ ᠢ ᠵᠢᠷᠤᠮᠯᠠᠨ᠂ ᠣᠶᠢᠷ᠎ᠠ ᠬᠠᠪᠢ ᠳᠤᠨᠢ ᠪᠠᠶᠢᠬᠤ ᠬᠥᠮᠥᠨ ᠳᠤ ᠳᠥᠭᠦᠮ ᠦᠵᠡᠭᠦᠯᠭᠦ᠂ ᠰᠠᠭᠤᠬᠤ ᠪᠠ ᠠᠵᠢᠯᠯᠠᠬᠤ | ᠶᠢ ᠬᠠᠮᠲᠤ ᠳᠤᠨᠢ ᠬᠠᠷᠠᠭᠠᠯᠵᠠᠬᠤ ᠶᠢ ᠵᠣᠷᠢᠭᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ | ᠠᠯᠪᠠ ᠠᠴᠠ ᠬᠠᠯᠠᠭᠳᠠᠭᠰᠠᠳ᠂ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠵᠡᠷᠭᠡ ᠶᠢ | ᠢᠳᠡᠪᠬᠢᠲᠡᠢ ᠪᠠᠷ ᠰᠢᠩᠭᠡᠬᠡᠨ ᠠᠪᠴᠤ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠦᠲᠦᠴᠡ ᠶᠢ | ᠦᠷᠭᠦᠯᠵᠢᠯᠡᠨ ᠰᠢᠯᠢᠳᠡᠭᠵᠢᠭᠦᠯᠦᠨ᠎ᠡ᠃ ᠵᠡᠭᠡᠯᠢ ᠭᠤᠳᠤᠮᠵᠢ ︵ᠰᠢᠶᠠᠩ ᠪᠠᠯᠭᠠᠰᠤ︶ ᠨᠢ ᠨᠡᠶᠢᠭᠡᠮ ᠲᠣᠭᠤᠷᠢᠭ ᠤᠨ | ᠬᠡᠪᠴᠢᠶ᠎ᠡ᠂ ᠬᠥᠮᠥᠨ ᠠᠮᠠ ᠶᠢᠨ ᠪᠦᠲᠦᠴᠡ᠂ ᠠᠵᠢᠯ ᠤᠨ ᠡᠭᠦᠷᠭᠡ ᠵᠡᠷᠭᠡ ᠶᠢ ᠦᠨᠳᠦᠰᠦᠯᠡᠨ᠂ ᠬᠠᠷᠢᠶ᠎ᠠ ᠪᠦᠬᠦᠢ ᠨᠡᠶᠢᠭᠡᠮ | ᠲᠣᠭᠤᠷᠢᠭ ᠲᠤ ᠲᠣᠬᠢᠷᠠᠭᠤᠯᠤᠭᠰᠠᠨ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯ ᠤᠨ ᠠᠵᠢᠯᠲᠠᠨ ᠢ ᠨᠢᠭᠡᠳᠦᠯᠲᠡᠢ | ᠲᠥᠯᠥᠪᠵᠢᠭᠦᠯᠦᠨ ᠲᠣᠬᠢᠷᠠᠭᠤᠯᠵᠤ ᠪᠣᠯᠣᠨ᠎ᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠢ ᠰᠣᠩᠭᠤᠨ | ᠲᠣᠮᠢᠯᠠᠵᠤ ᠨᠡᠶᠢᠭᠡᠮ ᠲᠣᠭᠤᠷᠢᠭ ᠲᠤ ᠣᠴᠢᠭᠤᠯᠤᠨ ᠲᠦᠷ ᠴᠠᠭ ᠲᠤᠰᠢᠶᠠᠯ ᠡᠭᠦᠷᠭᠡᠯᠡᠭᠦᠯᠬᠦ ᠪᠤᠶᠤ ᠲᠤᠰᠢᠶᠠᠯ | ᠡᠭᠦᠷᠭᠡᠯᠡᠭᠦᠯᠬᠦ ᠶᠢ ᠠᠬᠢᠭᠤᠯᠵᠤ᠂ ᠰᠢᠨ᠎ᠡ ᠪᠠᠷ ᠠᠵᠢᠯ ᠳᠤ ᠭᠠᠷᠤᠭᠰᠠᠨ ᠠᠯᠪᠠᠲᠠᠨ ᠢ ᠨᠡᠶᠢᠭᠡᠮ ᠲᠣᠭᠤᠷᠢᠭ ᠲᠤ | ᠣᠴᠢᠭᠤᠯᠤᠨ ᠪᠤᠯᠪᠠᠰᠤᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | 4. ᠠᠵᠢᠯ ᠮᠡᠷᠭᠡᠵᠢᠯ ᠤᠨ ᠲᠦᠪᠰᠢᠨ ᠬᠢᠭᠡᠳ ᠠᠵᠢᠯ ᠤᠨ ᠪᠠᠶᠢᠷᠢ ᠶᠢᠨ ᠳᠡᠰ ᠢ ᠵᠣᠯᠭᠠᠭᠤᠯᠵᠤ ᠬᠤᠯᠪᠤᠭᠠᠯᠠᠨ | ᠬᠥᠳᠡᠯᠦᠯᠴᠡᠬᠦ ᠶᠢ ᠠᠬᠢᠭᠤᠯᠤᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ ᠤᠯᠤᠰ ᠤᠨ ᠠᠵᠢᠯ ᠮᠡᠷᠭᠡᠵᠢᠯ ᠤᠨ | ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠴᠢᠳᠠᠪᠤᠷᠢ ᠶᠢᠨ ᠲᠦᠪᠰᠢᠨ ᠢ | ᠰᠢᠨᠵᠢᠯᠡᠬᠦ ᠤᠬᠠᠭᠠᠨᠴᠢ ᠪᠠᠷ ᠦᠨᠡᠯᠡᠨ᠎ᠡ᠃ ᠨᠡᠶᠢᠭᠡᠮ ᠲᠣᠭᠤᠷᠢᠭ ᠤᠨ ᠠᠵᠢᠯᠲᠠᠳ ᠤᠨ ᠪᠦᠭᠦ ᠤᠯᠤᠰ ᠤᠨ ᠨᠡᠶᠢᠭᠡᠮ ᠤᠨ | ᠠᠵᠢᠯᠲᠠᠳ ᠤᠨ ᠠᠵᠢᠯ ᠮᠡᠷᠭᠡᠵᠢᠯ ᠤᠨ ᠬᠢᠷᠢ ᠭᠡᠮ ᠤᠨ ᠰᠢᠯᠭᠠᠯᠲᠠ ᠪᠣᠯᠣᠨ ᠰᠢᠯᠭᠠᠷᠠᠭᠤᠯᠤᠯᠲᠠ ᠳᠤ ᠣᠷᠤᠯᠴᠠᠬᠤ ᠶᠢ | ᠳᠡᠮᠵᠢᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠴᠢᠳᠠᠪᠤᠷᠢ ᠶᠢᠨ ᠲᠦᠪᠰᠢᠨ ᠬᠢᠭᠡᠳ ᠬᠠᠮᠢᠶ᠎ᠠ ᠪᠦᠬᠦᠢ ᠠᠵᠢᠯ | ᠮᠡᠷᠭᠡᠵᠢᠯ ᠤᠨ ᠴᠢᠳᠠᠪᠤᠷᠢ ᠶᠢᠨ ᠳᠡᠰ ᠵᠡᠷᠭᠡ ᠶᠢᠨ ᠬᠤᠣᠰ ᠴᠢᠭᠯᠡᠯ ᠢᠶᠠᠷ ᠬᠠᠷᠢᠴᠠᠭᠤᠯᠤᠨ ᠠᠳᠠᠯᠢᠳᠬᠠᠬᠤ | ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠱᠠᠲᠤᠯᠢᠭ ᠬᠥᠭᠵᠢᠭᠰᠡᠨ᠂ ᠳᠡᠰ ᠨᠢ ᠲᠣᠳᠣᠷᠬᠠᠢ᠂ ᠰᠢᠨᠵᠢᠯᠡᠬᠦ | ᠤᠬᠠᠭᠠᠨᠴᠢ ᠪᠥᠭᠡᠳ ᠵᠦᠢ ᠵᠣᠬᠢᠰᠲᠠᠢ᠂ ᠠᠵᠢᠯᠯᠠᠭᠠᠨ ᠨᠢ ᠪᠦᠲᠦᠮᠵᠢᠲᠡᠶ ᠨᠡᠶᠢᠭᠡᠮ ᠲᠣᠭᠤᠷᠢᠭ ᠤᠨ ᠠᠵᠢᠯᠲᠠᠨ ᠤ | ᠠᠵᠢᠯ ᠤᠨ ᠪᠠᠶᠢᠷᠢ ᠶᠢᠨ ᠳᠡᠰ ᠤᠨ ᠴᠤᠪᠤᠷᠠᠯ ᠢ ᠬᠦᠴᠦᠯᠡᠨ ᠪᠠᠶᠢᠭᠤᠯᠵᠤ ᠪᠦᠷᠢᠨᠰᠢᠭᠦᠯᠦᠨ᠎ᠡ᠃ ᠨᠡᠶᠢᠭᠡᠮ | ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ ᠠᠵᠢᠯ ᠤᠨ ᠪᠠᠶᠢᠷᠢ ᠶᠢᠨ ᠲᠥᠷᠥᠯ ᠢᠯᠭᠠᠯ ᠢ | ᠬᠤᠪᠢᠶᠠᠷᠢᠯᠠᠵᠤ᠂ ᠲᠥᠷᠥᠯ ᠪᠦᠷᠢ ᠶᠢᠨ ᠠᠵᠢᠯ ᠤᠨ ᠪᠠᠶᠢᠷᠢ ᠳᠤ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠂ | ᠨᠡᠶᠢᠭᠡᠮ ᠲᠣᠭᠤᠷᠢᠭ ᠲᠤ ᠠᠵᠢᠯᠯᠠᠭᠰᠠᠨ ᠣᠨ ᠵᠢᠯ᠂ ᠠᠵᠢᠯ ᠮᠡᠷᠭᠡᠵᠢᠯ ᠤᠨ ᠲᠦᠪᠰᠢᠨ᠂ ᠰᠤᠷᠤᠯᠭ᠎ᠠ ᠶᠢᠨ ᠨᠠᠮᠲᠠᠷ ᠤᠨ | ᠳᠡᠰ ᠳᠠᠪᠬᠤᠷᠭ᠎ᠠ ᠵᠡᠷᠭᠡ ᠶᠢ ᠦᠨᠳᠦᠰᠦᠯᠡᠨ ᠡᠳᠦᠢ ᠲᠡᠳᠦᠢ ᠳᠡᠰ ᠬᠤᠪᠢᠶᠠᠵᠤ᠂ ᠠᠵᠢᠯ ᠤᠨ ᠪᠠᠶᠢᠷᠢ ᠶᠢᠨ ᠳᠡᠰ ᠢ ᠨᠢ | ᠠᠵᠢᠯ ᠤᠨ ᠪᠠᠶᠢᠷᠢ ᠶᠢᠨ ᠳᠡᠰ ᠳᠡᠪᠰᠢᠬᠦ᠂ ᠨᠡᠶᠢᠭᠡᠮ ᠲᠣᠭᠤᠷᠢᠭ ᠲᠤ ᠠᠵᠢᠯᠯᠠᠭᠰᠠᠨ ᠣᠨ ᠵᠢᠯ ᠨᠢ ᠨᠡᠮᠡᠭᠳᠡᠬᠦ᠂ ᠠᠵᠢᠯ | ᠮᠡᠷᠭᠡᠵᠢᠯ ᠤᠨ ᠲᠦᠪᠰᠢᠨ ᠨᠢ ᠳᠡᠭᠡᠭᠰᠢᠯᠡᠬᠦ ᠶᠢ ᠳᠠᠭᠠᠯᠳᠤᠨ ᠵᠣᠬᠢᠴᠠᠩᠭᠤᠢ ᠪᠠᠷ ᠳᠡᠭᠡᠭᠰᠢᠯᠡᠭᠦᠯᠦᠨ᠎ᠡ᠃ ᠮᠤᠵᠢ ᠶᠢᠨ | ᠱᠠᠲᠤ ᠪᠤᠶᠤ ᠲᠤᠰᠬᠠᠢ ᠣᠷᠣᠨ ᠤ ᠲᠠᠰ ᠤᠨ ᠬᠤᠲᠠ ᠶᠢᠨ ᠳᠠᠪᠬᠤᠷᠭ᠎ᠠ ᠠᠴᠠ ᠠᠵᠢᠯ ᠤᠨ ᠪᠠᠶᠢᠷᠢ ᠶᠢᠨ ᠲᠠᠰ ᠤᠨ | ᠴᠤᠪᠤᠷᠠᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠮᠤᠵᠢ ᠶᠢᠨ ᠳᠣᠲᠣᠷ᠎ᠠ ᠪᠠᠨ ᠬᠠᠷᠢᠯᠴᠠᠨ ᠮᠡᠳᠡᠷᠡᠬᠦ | ᠲᠣᠭᠲᠠᠴᠠ ᠶᠢ ᠪᠠᠶᠢᠭᠤᠯᠵᠤ᠂ ᠮᠤᠵᠢ ᠶᠢᠨ ᠳᠣᠲᠣᠷ᠎ᠠ ᠪᠠᠨ ᠠᠵᠢᠯ ᠤᠨ ᠪᠠᠶᠢᠷᠢ ᠪᠠᠨ ᠰᠣᠯᠢᠬᠤ ᠳᠤ ᠭᠦᠷᠪᠡᠯ᠂ ᠨᠡᠶᠢᠭᠡᠮ | ᠲᠣᠭᠤᠷᠢᠭ ᠲᠤ ᠠᠵᠢᠯᠯᠠᠭᠰᠠᠨ ᠣᠨ ᠵᠢᠯ ᠢ ᠨᠢ ᠨᠡᠶᠢᠯᠡᠭᠦᠯᠦᠨ ᠪᠤᠳᠤᠵᠤ ᠥᠭᠴᠦ ᠪᠣᠯᠣᠨ᠎ᠠ᠃ | ᠭᠤᠷᠪᠠ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | 5. ᠤᠯᠤᠰ ᠲᠥᠷᠥ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠨᠠᠮ ᠤᠨ ᠰᠢᠨ᠎ᠡ ᠶᠢ ᠡᠭᠦᠳᠦᠭᠰᠡᠨ | ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠴᠢᠬᠤᠯᠠ ᠥᠭᠦᠯᠡᠯᠲᠡ ᠶᠢ | ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠬᠡᠷᠡᠭᠲᠡᠢ᠃ ᠤᠯᠤᠰ ᠲᠥᠷᠥ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ | ᠬᠥᠮᠦᠵᠢᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠤᠯᠤᠰ ᠲᠥᠷᠥ ᠶᠢᠨ ᠵᠥᠪ ᠪᠤᠷᠤᠭᠤ ᠶᠢ | ᠢᠯᠭᠠᠨ ᠲᠠᠨᠢᠬᠤ᠂ ᠤᠯᠤᠰ ᠲᠥᠷᠥ ᠶᠢᠨ ᠲᠣᠭᠲᠠᠯ ᠬᠦᠴᠦᠨ ᠢ ᠪᠠᠲᠤᠯᠠᠬᠤ ᠴᠢᠳᠠᠪᠤᠷᠢ ᠶᠢ ᠴᠢᠩᠭᠠᠳᠬᠠᠨ᠎ᠠ᠃ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠬᠥᠮᠦᠵᠢᠯ ᠢ ᠥᠷᠨᠢᠭᠦᠯᠵᠦ᠂ ᠨᠡᠶᠢᠭᠡᠮ ᠲᠣᠭᠤᠷᠢᠭ ᠤᠨ | ᠠᠵᠢᠯᠲᠠᠳ ᠢ ᠬᠥᠲᠥᠯᠥᠨ ᠵᠢᠯᠤᠭᠤᠳᠴᠤ ᠤᠬᠠᠮᠰᠠᠷ ᠠᠴᠠ ᠪᠠᠨ ᠨᠠᠮ ᠪᠣᠯᠣᠨ ᠤᠯᠤᠰ ᠤᠨ ᠠᠵᠢᠯ ᠤᠨ ᠶᠡᠭᠡ | ᠲᠠᠯ᠎ᠠ ᠶᠢᠨ ᠳᠣᠣᠷ᠎ᠠ ᠠᠵᠢᠯ ᠢᠶᠠᠨ ᠥᠷᠨᠢᠭᠦᠯᠵᠦ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠵᠢᠴᠢ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠡᠶᠢᠭᠡᠮ | ᠲᠣᠭᠤᠷᠢᠭ ᠲᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠠᠷᠢᠭᠤᠨ ᠴᠢᠬᠡᠴᠢ ᠪᠠᠷ ᠵᠠᠰᠠᠭ | ᠪᠠᠷᠢᠬᠤ ᠬᠥᠮᠦᠵᠢᠯ ᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠰᠠᠬᠢᠯᠭ᠎ᠠ ᠪᠠᠲᠤ ᠶᠢᠨ ᠦᠵᠡᠯ | ᠤᠬᠠᠮᠰᠠᠷ᠂ ᠶᠣᠰᠣ ᠳᠦᠷᠢᠮ ᠤᠨ ᠦᠵᠡᠯ ᠤᠬᠠᠮᠰᠠᠷ ᠢ ᠴᠢᠩᠭᠠᠷᠠᠭᠤᠯᠤᠨ᠎ᠠ᠃ | 6. ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠣᠯᠠᠨ ᠲᠦᠮᠡᠨ ᠤ ᠠᠵᠢᠯ ᠢ ᠴᠢᠩᠭᠠᠳᠬᠠᠬᠤ᠂ | ᠵᠣᠬᠢᠶᠠᠨ ᠪᠠᠶᠢᠭᠤᠯᠤᠨ ᠳᠠᠶᠢᠴᠢᠯᠠᠬᠤ᠂ ᠬᠠᠤᠯᠢ ᠶᠣᠰᠣᠭᠠᠷ ᠤᠴᠢᠷ ᠶᠠᠪᠤᠳᠠᠯ ᠭᠦᠢᠴᠡᠳᠬᠡᠬᠦ᠂ ᠵᠥᠷᠢᠴᠡᠯ ᠢ ᠡᠶᠡᠳᠡᠭᠦᠯᠬᠦ᠂ | ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ᠂ ᠵᠣᠬᠢᠴᠠᠭᠤᠯᠤᠨ ᠨᠡᠪᠲᠡᠷᠡᠯᠴᠡᠬᠦ᠂ | ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠵᠡᠷᠭᠡ ᠲᠠᠯ᠎ᠠ ᠶᠢᠨ ᠴᠢᠳᠠᠪᠤᠷᠢ ᠶᠢᠨ ᠪᠣᠯᠪᠠᠰᠤᠷᠠᠯ ᠢ ᠴᠢᠬᠤᠯᠠᠴᠢᠯᠠᠨ | ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠳᠠᠲᠠᠢ ᠰᠣᠷᠢᠯᠲᠠ ᠪᠣᠯᠪᠠᠰᠤᠷᠠᠯ ᠬᠢᠬᠦ ᠶᠢ ᠳᠣᠪᠤᠶᠢᠯᠭᠠᠵᠤ᠂ ᠬᠡᠷᠡᠭ ᠤᠨ | ᠵᠢᠱᠢᠶ᠎ᠡ ᠪᠠᠷ ᠵᠢᠭᠠᠨ ᠰᠤᠷᠭᠠᠬᠤ᠂ ᠳᠠᠭᠤᠷᠢᠶᠠᠮᠠᠯ ᠵᠢᠭᠠᠨ ᠰᠤᠷᠭᠠᠯᠲᠠ ᠬᠢᠬᠦ᠂ ᠲᠤᠬᠠᠢ ᠶᠢᠨ ᠲᠠᠯᠠᠪᠤᠷ ᠲᠤ ᠲᠣᠭᠤᠷᠢᠨ | ᠰᠤᠷᠤᠯᠴᠠᠬᠤ ᠵᠡᠷᠭᠡ ᠠᠷᠭ᠎ᠠ ᠶᠢ ᠠᠮᠢᠳᠤᠯᠢᠭ ᠢᠶᠠᠷ ᠬᠡᠷᠡᠭᠯᠡᠵᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ | ᠨᠢ ᠨᠡᠮᠡᠭᠳᠡᠭᠦᠯᠦᠨ᠎ᠡ᠃ ︽ᠨᠡᠶᠢᠭᠡᠮ ᠲᠣᠭᠤᠷᠢᠭ ᠤᠨ ᠠᠵᠢᠯ ᠤᠨ ᠬᠠᠤᠯᠢ︾ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ | ᠴᠤᠭᠯᠠᠭᠤᠯᠬᠤ ᠪᠠ ᠪᠣᠯᠪᠠᠰᠤᠷᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ | ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ ᠶᠢ ᠴᠢᠩᠭᠠᠳᠬᠠᠨ᠎ᠠ᠃ ︽ᠪᠦᠭᠦ ᠠᠵᠢᠯ ᠤᠨ ᠪᠠᠶᠢᠷᠢ ᠶᠢ | ᠨᠡᠪᠲᠡᠷᠡᠭᠦᠯᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ︽ᠨᠢᠭᠡ ᠵᠦᠢᠯ ᠳᠤ ᠴᠠᠭᠠᠷᠠᠵᠤ ᠣᠯᠠᠨ ᠵᠦᠢᠯ ᠳᠤ | ᠮᠡᠷᠭᠡᠰᠢᠭᠰᠡᠨ︾ ᠨᠡᠶᠢᠭᠡᠮ ᠲᠣᠭᠤᠷᠢᠭ ᠤᠨ ᠠᠵᠢᠯ ᠤᠨ ᠶᠡᠷᠦᠩᠬᠡᠢ ᠰᠠᠯᠠᠭᠠᠨ ᠤ ᠴᠢᠳᠠᠪᠤᠷᠢᠲᠠᠨ ᠢ ᠬᠥᠮᠥᠵᠢᠭᠦᠯᠦᠨ᠎ᠡ᠃ | ︽ᠵᠢᠯᠣᠭᠤᠳᠤᠭᠴᠢ ᠪᠠᠭᠰᠢ ᠶᠢᠨ ᠬᠠᠪᠰᠤᠷᠤᠨ ᠳᠠᠭᠠᠭᠤᠯᠬᠤ ᠳᠦᠷᠢᠮ︾ ᠢ ᠪᠠᠶᠢᠭᠤᠯᠤᠨ᠎ᠠ᠃ ᠪᠦᠭᠦ ᠤᠯᠤᠰ ᠤᠨ | ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ | ᠴᠢᠳᠠᠪᠤᠷᠢ ᠶᠢᠨ ᠤᠷᠤᠯᠳᠤᠭᠠᠨ ᠡᠷᠭᠢᠯᠡᠭᠦ ᠶᠢ ᠰᠦᠪᠡᠭᠴᠢᠯᠡᠨ᠎ᠡ᠃ | 7. ᠰᠠᠭᠤᠭᠠᠯᠢ ᠠᠷᠠᠳ ᠤᠯᠠᠨ ᠲᠦᠮᠡᠨ ᠳᠤ ᠦᠢᠯᠡᠴᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠤᠯᠠᠨ | ᠲᠦᠮᠡᠨ ᠳᠤ ᠦᠢᠯᠡᠴᠢᠯᠡᠬᠦ᠂ ᠤᠯᠠᠨ ᠲᠦᠮᠡᠨ ᠳᠤ ᠪᠤᠶᠠᠨ ᠦᠢᠯᠡᠳᠬᠦ ᠶᠢ ᠦᠨᠳᠦᠰᠦᠨ ᠱᠠᠲᠤᠨ ᠤ ᠵᠠᠰᠠᠯᠲᠠ ᠶᠢᠨ | ᠵᠣᠷᠢᠯᠲᠠ ᠪᠠ ᠲᠤᠰᠤᠯᠲᠠ ᠪᠤᠯᠭᠠᠵᠤ᠂ ᠨᠡᠶᠢᠭᠡᠮ ᠲᠣᠭᠤᠷᠢᠭ ᠤᠨ ᠠᠵᠢᠯᠲᠠᠳ ᠢ ᠬᠥᠮᠥᠵᠢᠭᠦᠯᠦᠨ ᠬᠥᠲᠥᠯᠥᠨ | ᠵᠢᠯᠤᠭᠤᠳᠴᠤ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠬᠠᠶᠢᠷ᠎ᠠ | ᠰᠡᠳᠬᠢᠯᠭᠡ ᠶᠢᠨ ᠲᠠᠯ᠎ᠠ ᠪᠠᠷ ᠰᠠᠭᠤᠭᠠᠯᠢ ᠠᠷᠠᠳ ᠲᠠᠢ ᠣᠶᠢᠷᠠᠳᠴᠤ᠂ ᠠᠵᠢᠯᠯᠠᠭ᠎ᠠ ᠶᠢᠨ ᠲᠠᠯ᠎ᠠ ᠪᠠᠷ ᠰᠠᠭᠤᠭᠠᠯᠢ | ᠠᠷᠠᠳ ᠲᠤ ᠦᠢᠯᠡᠴᠢᠯᠡᠵᠦ᠂ ᠨᠡᠶᠢᠭᠡᠮ ᠲᠣᠭᠤᠷᠢᠭ ᠤᠨ ᠵᠠᠯᠠᠭᠤ ᠠᠵᠢᠯᠲᠠᠳ ᠤᠨ ᠤᠯᠠᠨ ᠲᠦᠮᠡᠨᠴᠢ ᠦᠵᠡᠯᠲᠡ ᠪᠠ | ᠤᠯᠠᠨ ᠲᠦᠮᠡᠨᠴᠢ ᠬᠠᠶᠢᠷ᠎ᠠ ᠰᠡᠳᠬᠢᠯᠭᠡ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠵᠥᠷᠢᠴᠡᠯ | ᠵᠠᠭᠤᠷᠠᠯᠳᠤᠭᠠᠨ ᠢ ᠠᠷᠢᠯᠭᠠᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠬᠦ ᠶᠢ ᠠᠬᠢᠭᠤᠯᠵᠤ᠂ ᠬᠥᠷᠰᠢ ᠵᠡᠷᠭᠡᠯᠡᠳᠡᠭᠡ | ᠡᠶ᠎ᠡ ᠨᠠᠶᠢᠷᠠᠮᠳᠠᠭᠤ᠂ ᠨᠡᠶᠢᠭᠡᠮ ᠲᠣᠭᠤᠷᠢᠭ ᠡᠶ᠎ᠡ ᠵᠣᠬᠢᠴᠠᠩᠭᠤᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ | ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠴᠤᠭ ᠰᠦᠯᠳᠡ ᠶᠢ ᠬᠥᠭᠵᠢᠭᠡᠵᠦ᠂ ︽ᠠᠵᠢᠯ ᠬᠢᠬᠦ ᠦᠭᠡᠢ︾ ᠦᠶᠯᠡ ᠠᠵᠢᠯᠯᠠᠭ᠎ᠠ ᠶᠢ ᠬᠦᠴᠦᠯᠡᠨ ᠴᠡᠭᠴᠡᠯᠡᠨ | ᠵᠠᠰᠠᠵᠤ᠂ ᠰᠠᠭᠤᠭᠠᠯᠢ ᠠᠷᠠᠳ ᠣᠯᠠᠨ ᠲᠦᠮᠡᠨ ᠳᠤ ᠤᠴᠢᠷ ᠶᠠᠪᠤᠳᠠᠯ ᠭᠦᠢᠴᠡᠳᠬᠡᠵᠦ ᠥᠭᠬᠦ ᠳᠡᠭᠡᠨ ᠠᠯᠪᠠ ᠬᠠᠰᠢᠵᠤ᠂ | ᠰᠢᠯᠲᠠᠭᠯᠠᠨ ᠲᠦᠯᠬᠢᠯᠴᠡᠬᠦ ᠶᠢ ᠰᠡᠷᠭᠡᠶᠢᠯᠡᠨ᠎ᠡ᠃ | 8. ᠪᠣᠯᠪᠠᠰᠤᠷᠠᠯ ᠬᠦᠷᠲᠡᠭᠡᠬᠦ ᠲᠣᠭᠲᠠᠴᠠ ᠶᠢ ᠪᠦᠷᠢᠨᠰᠢᠭᠦᠯᠦᠨ᠎ᠡ᠃ ᠪᠦᠭᠦ ᠤᠯᠤᠰ ᠤᠨ ᠨᠡᠶᠢᠭᠡᠮ | ᠲᠣᠭᠤᠷᠢᠭ ᠤᠨ ᠠᠵᠢᠯᠲᠠᠨ ᠤ ᠬᠥᠮᠦᠵᠢᠯ ᠪᠣᠯᠪᠠᠰᠤᠷᠠᠯ ᠤᠨ ᠠᠵᠢᠯ ᠤᠨ ᠲᠥᠯᠦᠪᠵᠢᠭᠦᠯᠭᠡ ᠶᠢ ᠰᠤᠳᠤᠯᠤᠨ | ᠲᠣᠭᠲᠠᠭᠠᠨ᠎ᠠ᠃ ᠮᠤᠵᠢ ᠶᠢᠨ ᠱᠠᠲᠤᠨ ᠠᠴᠠ ᠳᠡᠭᠡᠭᠰᠢᠬᠢ ᠵᠢᠱᠢᠶ᠎ᠡ ᠦᠵᠡᠭᠦᠯᠭᠦ ᠪᠣᠯᠪᠠᠰᠤᠷᠠᠯ᠂ ᠲᠤᠰᠬᠠᠢ ᠣᠷᠣᠨ ᠤ | ᠬᠤᠲᠠ ᠶᠢᠨ ᠱᠠᠲᠤᠨ ᠤ ᠭᠤᠣᠯᠳᠠᠯᠭ᠎ᠠ ᠲᠠᠢ ᠪᠣᠯᠪᠠᠰᠤᠷᠠᠯ᠂ ᠰᠢᠶᠠᠨ ᠤ ᠱᠠᠲᠤᠨ ᠤ ᠭᠤᠣᠯᠯᠠᠬᠤ ᠬᠦᠴᠦᠨ ᠤ | ᠪᠣᠯᠪᠠᠰᠤᠷᠠᠯ᠂ ᠵᠡᠭᠡᠯᠢ ᠭᠤᠳᠤᠮᠵᠢ ᠰᠢᠶᠠᠩ ᠪᠠᠯᠭᠠᠰᠤ ᠶᠢᠨ ᠪᠦᠭᠦ ᠠᠵᠢᠯᠲᠠᠨ ᠤ ᠪᠣᠯᠪᠠᠰᠤᠷᠠᠯ ᠤᠨ ᠱᠠᠲᠤ ᠬᠤᠪᠢᠶᠠᠨ | ᠪᠤᠯᠪᠠᠰᠤᠷᠠᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠩᠬ᠎ᠠ ᠲᠤᠰᠢᠶᠠᠯ ᠬᠠᠷᠢᠭᠤᠴᠠᠬᠤ ᠪᠣᠯᠪᠠᠰᠤᠷᠠᠯ᠂ | ᠠᠵᠢᠯ ᠤᠨ ᠪᠠᠶᠢᠷᠢ ᠶᠢᠨ ᠪᠣᠯᠪᠠᠰᠤᠷᠠᠯ᠂ ᠲᠤᠰᠬᠠᠢ ᠠᠵᠢᠯ ᠤᠨ ᠪᠣᠯᠪᠠᠰᠤᠷᠠᠯ᠂ ᠦᠢᠯᠡᠳᠦᠯᠭᠡ ᠶᠢᠨ ᠪᠣᠯᠪᠠᠰᠤᠷᠠᠯ | ᠵᠡᠷᠭᠡ ᠪᠠᠷ ᠪᠦᠷᠢᠯᠳᠦᠭᠰᠡᠨ ᠪᠣᠯᠪᠠᠰᠤᠷᠠᠯ ᠤᠨ ᠰᠢᠰᠲ᠋ᠧᠮ ᠢ ᠪᠦᠷᠢᠨᠰᠢᠭᠦᠯᠦᠨ᠎ᠡ᠃ ᠰᠢᠶᠠᠨ ᠤ ᠱᠠᠲᠤᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ | ᠰᠠᠯᠠᠭ᠎ᠠ ᠮᠥᠴᠢᠷ ᠲᠠᠢ ᠬᠠᠮᠲᠤᠷᠠᠨ ᠵᠢᠯ ᠪᠦᠷᠢ ᠨᠠᠭᠠᠲᠤ ᠵᠠᠬ᠎ᠠ ᠳᠠᠭᠠᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠭᠢᠯᠡᠭᠴᠢ ᠶᠢ ᠨᠢᠭᠡ | ᠤᠳᠠᠭ᠎ᠠ ᠪᠤᠯᠪᠠᠰᠤᠷᠠᠭᠤᠯᠵᠤ᠂ ᠨᠡᠶᠢᠭᠡᠮ ᠲᠣᠭᠤᠷᠢᠭ ᠤᠨ ᠪᠤᠰᠤᠳ ᠠᠵᠢᠯᠲᠠᠨ ᠢ 3 ᠵᠢᠯ ᠪᠦᠷᠢ ᠨᠢᠭᠡ ᠤᠳᠠᠭ᠎ᠠ | ᠡᠭᠡᠯᠵᠢᠯᠡᠨ ᠪᠤᠯᠪᠠᠰᠤᠷᠠᠭᠤᠯᠵᠤ᠂ ᠬᠥᠮᠦᠵᠢᠯ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠬᠤᠯᠠᠴᠢᠯᠠᠨ | ᠴᠢᠩᠭᠠᠷᠠᠭᠤᠯᠵᠤ᠂ ᠪᠣᠯᠪᠠᠰᠤᠷᠠᠯ ᠤᠨ ᠬᠢᠴᠢᠶᠡᠯ ᠤᠨ ᠴᠠᠭ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠦᠨ᠂ ᠣᠯᠠᠨ | ᠲᠦᠮᠡᠨ ᠲᠠᠢ ᠣᠶᠢᠷᠠᠳᠬᠤ ᠦᠭᠡᠢ᠂ ᠬᠠᠨᠳᠤᠯᠭᠠᠲᠤ ᠴᠢᠨᠠᠷ ᠢᠶᠠᠷ ᠳᠤᠲᠠᠮᠠᠭ ᠪᠤᠯᠬᠤ ᠠᠴᠠ ᠵᠠᠶᠢᠯᠠᠰᠬᠢᠨ᠎ᠡ᠃ ᠡᠯ᠎ᠡ | ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠳᠡᠭᠡᠳᠦ ᠵᠡᠷᠭᠡ ᠶᠢᠨ ᠰᠤᠷᠭᠠᠭᠤᠯᠢ᠂ | ᠠᠵᠢᠯ ᠮᠡᠷᠭᠡᠵᠢᠯ ᠤᠨ ᠰᠤᠷᠭᠠᠭᠤᠯᠢ ᠵᠡᠷᠭᠡ ᠳᠤ ᠲᠦᠰᠢᠭᠯᠡᠨ ᠨᠡᠶᠢᠭᠡᠮ ᠲᠣᠭᠤᠷᠢᠭ ᠤᠨ ᠠᠵᠢᠯᠲᠠᠨ ᠤ ᠪᠣᠯᠪᠠᠰᠤᠷᠠᠯ ᠤᠨ | ᠰᠠᠭᠤᠷᠢᠨ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠪᠣᠯᠪᠠᠰᠤᠷᠠᠯ ᠤᠨ ᠠᠵᠢᠯ ᠳᠤ ᠨᠡᠶᠢᠭᠡᠮ ᠤᠨ | ᠬᠦᠴᠦᠨ ᠤ ᠣᠷᠤᠯᠴᠠᠬᠤ ᠶᠢ ᠵᠣᠷᠢᠭᠵᠢᠭᠤᠯᠤᠨ᠎ᠠ᠃ ᠰᠦᠯᠵᠢᠶᠡᠨ ᠤ ᠲᠠᠪᠴᠠᠩ ᠢ ᠠᠰᠢᠭᠯᠠᠨ ᠰᠦᠯᠵᠢᠶᠡᠨ ᠳᠡᠭᠡᠷᠡᠬᠢ | ᠪᠣᠯᠪᠠᠰᠤᠷᠠᠯ ᠢ ᠥᠷᠨᠢᠭᠦᠯᠬᠦ ᠶᠢ ᠴᠢᠬᠤᠯᠠᠴᠢᠯᠠᠵᠤ᠂ ᠬᠤᠲᠠ ᠪᠠ ᠲᠤᠰᠬᠠᠢ ᠣᠷᠣᠨ ᠤ ᠲᠠᠰ ᠠᠴᠠ ᠳᠡᠭᠡᠭᠰᠢᠬᠢ ᠲᠠᠰ | ᠳᠠᠪᠬᠤᠷᠭ᠎ᠠ ᠳᠤ ᠨᠡᠶᠢᠭᠡᠮ ᠲᠣᠭᠤᠷᠢᠭ ᠤᠨ ᠠᠵᠢᠯᠲᠠᠨ ᠤ ᠪᠣᠯᠪᠠᠰᠤᠷᠠᠯ ᠤᠨ ᠪᠠᠭᠰᠢ ᠶᠢᠨ ᠬᠥᠮᠥᠷᠭᠡ ᠪᠠ ᠡᠬᠢ | ᠪᠠᠶᠠᠯᠢᠭ ᠤᠨ ᠬᠥᠮᠥᠷᠭᠡ ᠶᠢ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ | ᠰᠤᠷᠭᠠᠭᠤᠯᠢ ᠶᠢᠨ ᠨᠡᠶᠢᠭᠡᠮ ᠤᠨ ᠠᠵᠢᠯ ᠤᠨ ᠬᠠᠮᠢᠶ᠎ᠠ ᠪᠦᠬᠦᠢ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ | ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠬᠠᠮᠢᠶ᠎ᠠ ᠪᠦᠬᠦᠢ | ᠬᠢᠴᠢᠶᠡᠯ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠵᠦ᠂ ᠨᠥᠬᠦᠴᠡᠯ ᠲᠠᠢ ᠨᠡᠶᠢᠭᠡᠮ ᠲᠣᠭᠤᠷᠢᠭ ᠲᠤ ᠳᠠᠳᠤᠯᠭ᠎ᠠ | ᠦᠢᠯᠡᠳᠦᠯᠭᠡ ᠶᠢᠨ ᠰᠠᠭᠤᠷᠢᠨ ᠢ ᠪᠠᠶᠢᠭᠤᠯᠬᠤ ᠶᠢ ᠵᠣᠷᠢᠭᠵᠢᠭᠤᠯᠤᠨ᠂ ᠵᠢᠭᠠᠨ ᠰᠤᠷᠭᠠᠯᠲᠠ ᠶᠢᠨ ᠬᠥᠮᠦᠵᠢᠯ ᠬᠢᠭᠡᠳ | ᠦᠢᠯᠡᠳᠦᠯᠭᠡ ᠶᠢᠨ ᠬᠡᠷᠡᠭᠴᠡᠭᠡ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃ | ᠳᠥᠷᠪᠡ᠂ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ | 9. ᠡᠩᠨᠡᠭᠡ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠲᠣᠣᠷᠵᠢᠭᠤᠯᠤᠬᠰᠠᠨ ᠦᠢᠯᠡᠴᠢᠯᠡᠭᠡᠨ ᠤ ᠬᠠᠮᠢᠶᠠᠷᠤᠯᠲᠠ᠂ | ᠭᠡᠷ ᠲᠤᠨᠢ ᠬᠦᠷᠴᠦ ᠰᠤᠷᠪᠤᠯᠵᠢᠯᠠᠬᠤ᠂ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ᠂ ᠣᠷᠣᠯᠠᠨ | ᠭᠦᠢᠴᠡᠳᠬᠡᠬᠦ ᠦᠢᠯᠡᠴᠢᠯᠡᠭᠡ᠂ ᠠᠰᠠᠭᠤᠨ ᠯᠠᠪᠯᠠᠭ᠎ᠠ ᠵᠠᠭᠠᠯᠳᠤᠯᠭ᠎ᠠ ᠶᠢ ᠠᠩᠬᠠᠨ ᠤ ᠬᠦᠯᠢᠶᠡᠵᠦ ᠠᠪᠤᠭᠰᠠᠨ ᠬᠥᠮᠥᠨ | ᠬᠠᠷᠢᠭᠤᠴᠠᠬᠤ ᠵᠡᠷᠭᠡ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠳᠦᠷ ᠲᠤᠲᠤᠮ ᠤᠨ ᠠᠵᠢᠯ ᠳᠤ | ᠭᠠᠷᠬᠤ ᠶᠢ ᠰᠢᠯᠭᠠᠬᠤ᠂ ᠴᠢᠯᠦᠭᠡ ᠭᠤᠶᠤᠬᠤ᠂ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠤᠷᠢᠬᠤ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯ ᠤᠨ ᠠᠵᠢᠯᠲᠠᠨ ᠢ | ᠲᠤᠷᠰᠢᠨ ᠬᠡᠷᠡᠭᠯᠡᠬᠦ ᠬᠤᠭᠤᠴᠠᠭ᠎ᠠ ᠳᠤ ᠰᠢᠯᠢᠨ ᠰᠣᠩᠭᠤᠬᠤ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ | ᠲᠣᠭᠤᠷᠢᠭ ᠤᠨ ᠠᠵᠢᠯᠲᠠᠨ ᠢ ᠣᠭᠴᠣᠷᠠᠭᠤᠯᠬᠤ᠂ ᠤᠷᠢᠬᠤ ᠪᠠᠨ ᠪᠣᠯᠢᠬᠤ ᠵᠡᠷᠭᠡ ᠤᠬᠤᠷᠢᠨ ᠭᠠᠷᠭᠠᠬᠤ ᠲᠣᠭᠲᠠᠴᠠ ᠶᠢ | ᠲᠡᠭᠦᠯᠳᠡᠷᠵᠢᠭᠦᠯᠦᠨ᠂ ᠣᠷᠣᠭᠤᠯᠵᠤ ᠪᠤᠯᠬᠤ ᠮᠥᠷᠲᠡᠭᠡᠨ ᠭᠠᠷᠭᠠᠵᠤ ᠪᠤᠯᠬᠤ᠂ ᠰᠢᠯᠢᠳᠡᠭ ᠢ ᠨᠢ ᠣᠷᠣᠭᠤᠯᠵᠤ | ᠰᠢᠭᠠᠷᠤ ᠶᠢ ᠨᠢ ᠭᠠᠷᠭᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠨ᠎ᠠ᠃ ᠨᠡᠶᠢᠭᠡᠮ ᠲᠣᠭᠤᠷᠢᠭ ᠤᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠶᠢ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠰᠠᠯᠠᠭ᠎ᠠ ᠮᠥᠴᠢᠷ ᠲᠤ ᠳᠠᠩᠰᠠᠯᠠᠭᠤᠯᠤᠨ ᠬᠠᠮᠢᠶᠠᠷᠬᠤ ᠶᠢ ᠬᠡᠷᠡᠭᠵᠢᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ | ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ | 10. ᠬᠢᠨᠠᠨ ᠰᠢᠯᠭᠠᠵᠤ ᠱᠠᠩᠨᠠᠵᠤ ᠲᠣᠷᠭᠠᠬᠤ ᠲᠣᠭᠲᠠᠴᠠ ᠶᠢ ᠪᠦᠷᠢᠨᠰᠢᠭᠦᠯᠦᠨ᠎ᠡ᠃ ᠰᠢᠶᠠᠨ ᠤ ᠱᠠᠲᠤᠨ ᠠᠴᠠ | ᠨᠡᠶᠢᠭᠡᠮ ᠲᠣᠭᠤᠷᠢᠭ ᠤᠨ ᠠᠵᠢᠯᠲᠠᠨ ᠤ ᠣᠨ ᠤ ᠬᠢᠨᠠᠨ ᠰᠢᠯᠭᠠᠬᠤ ᠵᠢᠯᠤᠭᠤᠳᠬᠤ ᠲᠥᠰᠥᠯ ᠢ ᠲᠣᠭᠲᠠᠭᠠᠵᠤ᠂ ᠬᠢᠨᠠᠨ | ᠰᠢᠯᠭᠠᠬᠤ ᠠᠭᠤᠯᠭ᠎ᠠ ᠶᠢ ᠤᠯᠤᠰ ᠲᠥᠷᠥ ᠶᠢᠨ ᠬᠡᠪ ᠪᠣᠯᠪᠠᠰᠤᠷᠠᠯ᠂ ᠠᠵᠢᠯ ᠤᠨ ᠪᠣᠳᠠᠲᠤ ᠠᠮᠵᠢᠯᠲᠠ ᠪᠣᠯᠣᠨ | ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠᠷ ᠭᠤᠣᠯᠳᠠᠯᠭ᠎ᠠ ᠪᠣᠯᠭᠠᠨ᠎ᠠ᠃ ᠬᠢᠨᠠᠨ ᠰᠢᠯᠭᠠᠭᠰᠠᠨ | ᠦᠷ᠎ᠡ ᠳ᠋ᠦᠩ ᠢ ᠬᠡᠷᠡᠭᠯᠡᠬᠦ ᠶᠢ ᠴᠢᠩᠭᠠᠷᠠᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠨᠡᠶᠢᠭᠡᠮ ᠲᠣᠭᠤᠷᠢᠭ ᠤᠨ | ᠠᠵᠢᠯᠲᠠᠨ ᠤ ᠠᠵᠢᠯ ᠤᠨ ᠪᠠᠶᠢᠷᠢ ᠶᠢᠨ ᠳᠡᠰ ᠢ ᠲᠣᠬᠢᠷᠠᠭᠤᠯᠬᠤ᠂ ᠦᠷᠭᠦᠯᠵᠢᠯᠡᠨ ᠤᠷᠢᠬᠤ ᠶᠢ ᠵᠣᠭᠰᠤᠭᠠᠬᠤ᠂ ᠱᠠᠩᠨᠠᠵᠤ | ᠵᠠᠯᠬᠠᠭᠠᠨ ᠴᠡᠭᠡᠷᠯᠡᠭᠦᠯᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠱᠠᠩᠨᠠᠨ ᠬᠥᠬᠢᠭᠦᠯᠬᠦ ᠪᠠ ᠵᠠᠯᠬᠠᠭᠠᠨ ᠴᠡᠭᠡᠷᠯᠡᠭᠦᠯᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠ ᠵᠠᠯᠠᠷᠠᠭᠤᠯᠬᠤ | ᠠᠵᠢᠯ ᠢ ᠰᠠᠶᠢᠲᠤᠷ ᠬᠢᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ᠂ | ᠠᠵᠢᠯ ᠶᠠᠪᠤᠳᠠᠯ ᠬᠢᠬᠦ ᠶᠢ ᠪᠤᠳᠤᠬᠤ᠂ ᠠᠵᠢᠯ ᠶᠠᠪᠤᠳᠠᠯ ᠬᠢᠵᠦ ᠳᠡᠶᠢᠯᠭᠦ᠂ ᠠᠵᠢᠯ ᠶᠠᠪᠤᠳᠠᠯ ᠪᠦᠲᠦᠭᠡᠵᠦ ᠳᠡᠶᠢᠯᠭᠦ | ᠨᠡᠶᠢᠭᠡᠮ ᠲᠣᠭᠤᠷᠢᠭ ᠤᠨ ᠠᠵᠢᠯᠲᠠᠨ ᠳᠤ ᠠᠵᠠ ᠲᠣᠭᠢᠶᠠᠯ ᠪᠠ ᠲᠠᠪᠴᠠᠩ ᠣᠯᠭᠤᠨ᠎ᠠ᠃ | 11. ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠨ᠎ᠠ᠃ ᠪᠠᠶᠢᠩᠭᠤ ᠶᠢᠨ ᠴᠢᠨᠠᠷᠲᠠᠢ ᠬᠢᠨᠠᠯᠲᠠ | ᠲᠠᠯᠪᠢᠬᠤ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ | ᠲᠣᠭᠲᠠᠴᠠ ᠶᠢ ᠲᠡᠭᠦᠯᠳᠡᠷᠵᠢᠭᠦᠯᠦᠨ᠂ ᠡᠷᠲᠡ ᠠᠴᠠ ᠠᠳᠬᠤᠵᠤ ᠪᠠᠭ᠎ᠠ ᠳᠤᠨᠢ ᠠᠳᠬᠤᠬᠤ᠂ ᠪᠠᠭ᠎ᠠ ᠳᠡᠭᠡᠷ᠎ᠡ ᠨᠢ | ᠰᠡᠷᠭᠡᠶᠢᠯᠡᠬᠦ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠠᠰᠢᠭ ᠲᠤᠰᠠ ᠶᠢ ᠬᠤᠬᠢᠷᠠᠭᠤᠯᠤᠭᠰᠠᠨ ᠢᠯᠵᠠᠷᠠᠮᠠᠯ | ᠠᠵᠢᠯᠯᠠᠭ᠎ᠠ ᠶᠢ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠨᠡᠶᠢᠭᠡᠮ ᠲᠣᠭᠤᠷᠢᠭ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ ᠢᠯᠡ ᠪᠤᠯᠭᠠᠬᠤ ᠪᠠ ᠦᠢᠯᠡᠴᠢᠯᠡᠭᠡᠨ ᠤ | ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠨᠠᠮ ᠤᠨ ᠶᠠᠪᠤᠳᠠᠯ᠂ ᠰᠠᠭᠤᠭᠠᠯᠢ ᠠᠷᠠᠳ ᠤᠨ ᠶᠠᠪᠤᠳᠠᠯ᠂ ᠡᠳ᠋ ᠤᠨ | ᠶᠠᠪᠤᠳᠠᠯ ᠢ ᠢᠯᠡ ᠪᠤᠯᠭᠠᠬᠤ ᠳᠦᠷᠢᠮ ᠢ ᠨᠠᠶᠢᠳᠠᠪᠤᠷᠢᠵᠢᠭᠤᠯᠬᠤ᠂ ᠰᠠᠭᠤᠭᠠᠯᠢ ᠠᠷᠠᠳ ᠤᠨ ᠶᠠᠪᠤᠳᠠᠯ ᠳᠤ ᠬᠢᠨᠠᠯᠲᠠ | ᠲᠠᠯᠪᠢᠬᠤ ᠵᠥᠪᠯᠡᠯ ᠤᠨ ᠦᠢᠯᠡᠳᠦᠯ ᠢ ᠪᠠᠳᠠᠷᠠᠭᠤᠯᠵᠤ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ | ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠵᠥᠪᠯᠡᠯ ᠤᠨ ᠡᠷᠭᠢᠯᠡᠭᠴᠢ ᠶᠢᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠰᠦᠪᠡᠭᠴᠢᠯᠡᠨ | ᠥᠷᠨᠢᠭᠦᠯᠦᠨ᠎ᠡ᠃ | ᠲᠠᠪᠤ᠂ ᠤᠷᠮᠠᠰᠢᠭᠤᠯᠬᠤ ᠪᠠᠲᠤᠯᠠᠭ᠎ᠠ ᠶᠢ ᠴᠢᠩᠭᠠᠳᠬᠠᠨ᠎ᠠ | 12. ᠴᠠᠯᠢᠩ ᠣᠯᠭᠤᠮᠵᠢ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠲᠤᠰᠬᠠᠢ ᠣᠷᠣᠨ ᠤ ᠲᠠᠰ ᠤᠨ | ᠬᠤᠲᠠ ᠪᠤᠶᠤ ᠰᠢᠶᠠᠨ ᠤ ᠱᠠᠲᠤᠨ ᠤ ᠲᠠᠰ ᠳᠠᠪᠬᠤᠷᠭ᠎ᠠ ᠠᠴᠠ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠪᠠ | ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠨ᠂ ᠲᠤᠬᠠᠢ ᠶᠢᠨ ᠭᠠᠵᠠᠷ ᠤᠨ ᠪᠦᠭᠦ ᠰᠢᠰᠲ᠋ᠧᠮ ᠤᠨ ᠬᠤᠲᠠ | ᠪᠠᠯᠭᠠᠰᠤᠨ ᠤ ᠨᠢᠭᠡᠴᠢ ᠶᠢᠨ ᠠᠵᠢᠯ ᠣᠯᠣᠭᠰᠠᠳ ᠤᠨ ᠳᠤᠮᠳᠠᠴᠢ ᠴᠠᠯᠢᠩ ᠤᠨ ᠲᠦᠪᠰᠢᠨ ᠢᠶᠠᠷ ᠯᠠᠪᠯᠠᠯᠲᠠ ᠪᠤᠯᠭᠠᠵᠤ᠂ | ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠣᠯᠭᠤᠮᠵᠢ ᠶᠢᠨ ᠪᠦᠷᠢᠯᠳᠦᠯ ᠪᠠ ᠠᠵᠢᠯ ᠤᠨ ᠪᠠᠶᠢᠷᠢ ᠶᠢᠨ ᠳᠡᠰ ᠤᠨ | ᠴᠠᠯᠢᠩ ᠣᠯᠭᠤᠮᠵᠢ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠣᠭᠲᠠᠮᠠᠯ ᠬᠤᠭᠤᠴᠠᠭ᠎ᠠ | ᠲᠠᠢ ᠪᠠᠷ ᠬᠥᠳᠡᠯᠦᠩᠭᠦᠢ ᠲᠣᠬᠢᠷᠠᠭᠤᠯᠤᠨ᠎ᠠ᠃ ᠠᠯᠪᠠᠲᠠᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠢᠷᠢ | ᠭᠡᠮ ᠲᠠᠢ ᠪᠠᠶᠢᠬᠤ ᠶᠢ ᠭᠠᠷᠭᠠᠪᠠᠯ᠂ ᠵᠠᠷᠴᠢᠮ ᠳᠡᠭᠡᠷ᠎ᠡ ᠪᠠᠨ ᠵᠡᠭᠡᠯᠢ ᠭᠤᠳᠤᠮᠵᠢ ︵ᠰᠢᠶᠠᠩ ᠪᠠᠯᠭᠠᠰᠤ︶ ᠬᠢᠭᠡᠳ ᠨᠡᠶᠢᠭᠡᠮ | ᠲᠣᠭᠤᠷᠢᠭ ᠤᠨ ᠠᠵᠢᠯᠲᠠᠨ ᠬᠠᠤᠯᠢ ᠶᠣᠰᠣᠭᠠᠷ ᠭᠦᠳᠡᠯᠮᠦᠷᠢ ᠶᠢᠨ ᠭᠡᠷ᠎ᠡ ᠲᠣᠭᠲᠠᠵᠤ᠂ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠣᠷᠣᠯᠴᠠᠵᠤ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠤᠨ᠎ᠠ᠃ ᠴᠢᠬᠤᠯᠠ ᠶᠡᠭᠡ ᠡᠭᠦᠷᠭᠡ ᠶᠢ ᠪᠡᠶᠡᠯᠡᠭᠦᠯᠬᠦ᠂ | ᠪᠠᠶᠢᠭᠠᠯᠢ ᠶᠢᠨ ᠭᠠᠮᠰᠢᠭ ᠢ ᠡᠰᠡᠷᠭᠦᠴᠡᠬᠦ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠣᠷᠣᠯᠴᠠᠬᠰᠠᠨ ᠡᠮᠦᠨ᠎ᠡ | ᠹᠷᠣᠨᠲ ᠤᠨ ᠨᠡᠶᠢᠭᠡᠮ ᠲᠣᠭᠤᠷᠢᠭ ᠤᠨ ᠠᠵᠢᠯᠲᠠᠳ ᠲᠤ ᠲᠣᠭᠲᠠᠭᠠᠯ ᠶᠣᠰᠣᠭᠠᠷ ᠵᠣᠬᠢᠬᠤ ᠬᠡᠮᠵᠢᠶᠡᠨ ᠤ ᠠᠵᠢᠯ ᠤᠨ | ᠨᠥᠬᠦᠪᠦᠷᠢ ᠣᠯᠭᠤᠵᠤ ᠪᠣᠯᠣᠨ᠎ᠠ᠃ | 13. ᠤᠷᠮᠠᠰᠢᠭᠤᠯᠤᠨ ᠬᠥᠭᠵᠢᠭᠦᠯᠬᠦ ᠲᠣᠭᠲᠠᠴᠠ ᠶᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ | ᠠᠵᠢᠯᠲᠠᠳ ᠤᠨ ᠳᠣᠲᠣᠷ᠎ᠠ ᠠᠴᠠ ᠨᠠᠮ ᠤᠨ ᠭᠡᠰᠢᠭᠦᠨ ᠢ ᠡᠯᠰᠡᠬᠦ᠂ ᠴᠢᠳᠠᠪᠤᠷᠢᠲᠠᠨ ᠢ ᠰᠢᠯᠢᠨ ᠰᠣᠩᠭᠤᠬᠤ ᠶᠢ | ᠴᠢᠬᠤᠯᠠᠴᠢᠯᠠᠨ᠎ᠠ᠃ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠨ ᠤ ᠳᠣᠲᠣᠷ᠎ᠠ ᠠᠴᠠ ᠠᠯᠪᠠᠲᠠᠨ᠂ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠡᠯᠰᠡᠬᠦ ︵ᠤᠷᠢᠬᠤ︶ ᠡᠷᠴᠢᠮ ᠢᠶᠠᠨ ᠴᠢᠩᠭᠠᠷᠠᠭᠤᠯᠤᠨ᠎ᠠ᠃ ᠵᠢᠯ ᠪᠦᠷᠢ ᠵᠣᠬᠢᠬᠤ | ᠲᠣᠭᠠᠨ ᠤ ᠠᠵᠢᠯ ᠤᠨ ᠪᠠᠶᠢᠷᠢ ᠭᠠᠷᠭᠠᠵᠤ᠂ ᠨᠡᠶᠢᠭᠡᠮ ᠲᠣᠭᠤᠷᠢᠭ ᠲᠤ ᠵᠠᠯᠭᠠᠭ᠎ᠠ ᠪᠠᠷ 10 ᠵᠢᠯ ᠠᠴᠠ ᠳᠡᠭᠡᠭᠰᠢ | ᠠᠵᠢᠯᠯᠠᠭᠰᠠᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠢ | ᠡᠭᠦᠷᠭᠡᠯᠡᠭᠡᠳ ᠪᠦᠬᠦᠯᠢ ᠨᠢᠭᠡ ᠬᠤᠭᠤᠴᠠᠭ᠎ᠠ ᠪᠣᠯᠤᠭᠰᠠᠨ᠂ ᠢᠯᠡᠷᠡᠯ ᠨᠢ ᠰᠢᠯᠢᠳᠡᠭ ᠨᠡᠶᠢᠭᠡᠮ ᠲᠣᠭᠤᠷᠢᠭ ᠤᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠶᠢ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ | ᠲᠣᠭᠲᠠᠭᠠᠯ ᠶᠣᠰᠣᠭᠠᠷ ᠰᠢᠯᠢᠳᠡᠭ ᠢ ᠨᠢ ᠰᠣᠩᠭᠤᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠤᠷᠢᠨ | ᠬᠡᠷᠡᠭᠯᠡᠵᠦ ᠪᠣᠯᠣᠨ᠎ᠠ᠂ ᠡᠭᠦᠨ ᠳᠤ ᠣᠨᠴᠠ ᠰᠢᠯᠢᠳᠡᠭ ᠢ ᠨᠢ ᠰᠢᠯᠢᠳᠡᠭ ᠢ ᠨᠢ ᠰᠣᠩᠭᠤᠨ ᠲᠣᠮᠢᠯᠠᠬᠤ᠂ ᠬᠤᠭᠤᠴᠠᠭ᠎ᠠ | ᠰᠣᠯᠢᠬᠤ ᠰᠣᠩᠭᠤᠭᠤᠯᠢ ᠵᠡᠷᠭᠡ ᠪᠠᠷ ᠳᠠᠮᠵᠢᠭᠤᠯᠤᠨ ᠵᠡᠭᠡᠯᠢ ᠭᠤᠳᠤᠮᠵᠢ ︵ᠰᠢᠶᠠᠩ ᠪᠠᠯᠭᠠᠰᠤ︶ ᠶᠢᠨ ᠤᠳᠤᠷᠢᠳᠬᠤ | ᠪᠠᠭ ᠲᠤ ᠰᠣᠩᠭᠤᠨ ᠣᠷᠣᠭᠤᠯᠵᠤ ᠪᠣᠯᠣᠨ᠎ᠠ᠃ ᠲᠣᠭᠲᠠᠭᠠᠯ ᠶᠣᠰᠣᠭᠠᠷ ᠨᠥᠬᠦᠴᠡᠯ ᠳᠤ ᠨᠡᠶᠢᠴᠡᠬᠦ ᠨᠡᠶᠢᠭᠡᠮ | ᠲᠣᠭᠤᠷᠢᠭ ᠤᠨ ᠰᠢᠯᠢᠳᠡᠭ ᠠᠵᠢᠯᠲᠠᠨ ᠢ ᠡᠯ᠎ᠡ ᠱᠠᠲᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠵᠢᠱᠢᠭᠳᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠵᠢᠱᠢᠭᠳᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠵᠢᠱᠢᠭᠳᠡᠭᠴᠢ ᠪᠠᠷ ᠲᠠᠨᠢᠯᠴᠠᠭᠤᠯᠤᠨ᠎ᠠ᠃ ᠲᠣᠪᠣᠶᠢᠮ᠎ᠠ | ᠬᠤᠪᠢ ᠨᠡᠮᠡᠷᠢ ᠦᠵᠡᠭᠦᠯᠦᠭᠰᠡᠨ ᠨᠡᠶᠢᠭᠡᠮ ᠲᠣᠭᠤᠷᠢᠭ ᠤᠨ ᠠᠵᠢᠯᠲᠠᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠥᠬᠢᠭᠦᠯᠦᠨ ᠱᠠᠩᠨᠠᠵᠤ᠂ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯ ᠤᠨ ᠠᠵᠢᠯᠲᠠᠨ᠂ | ᠭᠦᠳᠡᠯᠮᠦᠷᠢ ᠶᠢᠨ ᠵᠢᠱᠢᠶᠡᠴᠢ᠂ ᠵᠠᠯᠠᠭᠤᠴᠤᠳ ᠤᠨ ︽5·4︾ ᠤ ᠱᠠᠩᠨᠠᠯ ᠤᠨ ᠲᠡᠮᠳᠡᠭ᠂ ︽3·8︾ ᠤ ᠤᠯᠠᠭᠠᠨ ᠲᠤᠭᠴᠢ | ᠵᠡᠷᠭᠡ ᠶᠢ ᠰᠢᠯᠭᠠᠷᠠᠭᠤᠯᠬᠤ ᠳᠤ ᠣᠷᠣᠯᠴᠠᠭᠤᠯᠤᠨ᠎ᠠ᠃ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠳ ᠤᠨ ᠶᠡᠭᠡ | ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠵᠡᠷᠭᠡ ᠳᠤ ᠣᠴᠢᠵᠤ ᠣᠨᠴᠠ ᠤᠷᠢᠭᠰᠠᠨ ᠵᠢᠯᠣᠭᠤᠳᠤᠭᠴᠢ | ᠪᠠᠭᠰᠢ ᠪᠤᠯᠬᠤ ᠶᠢ ᠵᠣᠷᠢᠭᠵᠢᠭᠤᠯᠤᠨ ᠲᠡᠮᠵᠢᠨ᠎ᠠ᠃ | 14. ᠬᠠᠯᠠᠮᠵᠢᠯᠠᠨ ᠬᠠᠶᠢᠷᠠᠯᠠᠬᠤ ᠠᠭᠤᠷ ᠠᠮᠢᠰᠬᠤᠯ ᠢ ᠪᠤᠶ ᠪᠣᠯᠭᠠᠨ᠎ᠠ᠃ ᠨᠡᠶᠢᠭᠡᠮ ᠲᠣᠭᠤᠷᠢᠭ ᠤᠨ | ᠠᠵᠢᠯᠲᠠᠨ ᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠭᠡ ᠪᠠᠷ ᠤᠬᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠢ | ᠪᠦᠭᠦ ᠨᠡᠶᠢᠭᠡᠮ ᠢᠶᠠᠷ ᠢᠶᠠᠨ ᠴᠢᠬᠤᠯᠠᠴᠢᠯᠠᠬᠤ᠂ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ | ᠨᠡᠶᠢᠭᠡᠮ ᠲᠣᠭᠤᠷᠢᠭ ᠤᠨ ᠠᠵᠢᠯᠲᠠᠨ ᠤ ᠡᠷᠭᠢᠯᠡᠭᠰᠡᠨ ᠠᠵᠢᠯ ᠢᠶᠠᠨ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ | ᠰᠡᠳᠬᠢᠯᠭᠡ᠂ ᠢᠷᠠᠭᠤ ᠠᠯᠳᠠᠷ ᠤᠨ ᠰᠡᠳᠬᠢᠯᠭᠡ ᠶᠢ ᠨᠡᠮᠡᠭᠳᠡᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠳ ᠤᠨ ᠪᠡᠶ᠎ᠡ | ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ | ᠬᠢᠬᠦ ᠶᠢ ᠵᠣᠬᠢᠶᠠᠨ ᠪᠠᠶᠢᠭᠤᠯᠵᠤ᠂ ᠤᠯᠠᠨ ᠵᠦᠢᠯ ᠤᠨ ᠭᠡᠯᠪᠡᠷᠢ ᠪᠠᠷ ᠳᠠᠮᠵᠢᠭᠤᠯᠤᠨ ᠳᠠᠷᠤᠭᠠᠰᠤ ᠶᠢ ᠪᠠᠭᠠᠰᠬᠠᠨ | ᠨᠠᠮᠳᠠᠭᠤᠯᠤᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠲᠤᠰᠢᠶᠠᠯ ᠬᠠᠪᠰᠤᠷᠭᠠᠭᠰᠠᠨ ᠪᠦᠷᠢᠯᠳᠦᠭᠦᠨ ᠢ | ᠬᠠᠯᠠᠮᠵᠢᠯᠠᠨ ᠬᠠᠶᠢᠷᠠᠯᠠᠵᠤ ᠤᠷᠮᠠᠰᠢᠭᠤᠯᠬᠤ ᠶᠢ ᠴᠢᠬᠤᠯᠠᠴᠢᠯᠠᠨ᠎ᠠ᠃ ᠴᠢᠬᠤᠯᠠ ᠶᠡᠭᠡ ᠪᠠᠶᠠᠷ ᠤᠨ ᠡᠳᠦᠷ ᠡᠮᠦᠨ᠎ᠡ | ᠹᠷᠣᠨᠲ ᠤᠨ ᠨᠡᠶᠢᠭᠡᠮ ᠲᠣᠭᠤᠷᠢᠭ ᠤᠨ ᠠᠵᠢᠯᠲᠠᠳ ᠢ ᠲᠣᠬᠤᠨᠢᠭᠤᠯᠬᠤ ᠪᠠ ᠠᠵᠢᠯ ᠠᠴᠠ ᠪᠠᠨ ᠠᠮᠠᠷᠠᠭᠰᠠᠨ ᠨᠡᠶᠢᠭᠡᠮ | ᠲᠣᠭᠤᠷᠢᠭ ᠤᠨ ᠠᠵᠢᠯᠲᠠᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠦᠨ᠎ᠡ᠃ ᠨᠡᠶᠢᠭᠡᠮ ᠲᠣᠭᠤᠷᠢᠭ ᠤᠨ | ᠠᠵᠢᠯᠲᠠᠳ ᠤᠨ ᠲᠤᠰᠬᠠᠭᠰᠠᠨ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ | ᠰᠢᠢᠳᠪᠦᠷᠢᠯᠡᠵᠦ᠂ ᠰᠠᠶᠢᠨ ᠰᠠᠶᠢᠬᠠᠨ ᠠᠵᠢᠯᠯᠠᠬᠤ ᠨᠥᠬᠦᠴᠡᠯ ᠪᠣᠯᠣᠨ ᠠᠵᠢᠯ ᠬᠢᠬᠦ ᠠᠭᠤᠷ ᠠᠮᠢᠰᠬᠤᠯ ᠢ ᠪᠤᠢ ᠪᠣᠯᠭᠠᠨ᠎ᠠ᠃ | | ᠵᠢᠷᠭᠤᠭ᠎ᠠ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ | 15. ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ | ᠡᠩᠨᠡᠭᠡᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠡᠶᠢᠭᠡᠮ | ᠲᠣᠭᠤᠷᠢᠭ ᠤᠨ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ | ᠵᠠᠰᠠᠭ ᠤᠨ ᠣᠷᠳᠣᠨ ᠤ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠪᠠᠶᠢᠷᠢᠯᠠᠭᠤᠯᠤᠯᠲᠠ ᠳᠤ ᠣᠷᠣᠭᠤᠯᠤᠨ᠎ᠠ᠃ | ᠡᠯ᠎ᠡ ᠱᠠᠲᠤᠨ ᠤ ᠨᠠᠮ ᠤᠨ ᠬᠤᠷᠢᠶ᠎ᠠ ᠨᠢ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠭᠰᠠᠨ᠂ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠰᠠᠯᠠᠭ᠎ᠠ | ᠮᠥᠴᠢᠷ ᠤᠨ ᠵᠢᠯᠣᠭᠤᠳᠤᠨ ᠠᠬᠢᠭᠤᠯᠤᠭᠰᠠᠨ᠂ ᠤᠯᠤᠰ ᠲᠦᠷᠦ ᠬᠠᠤᠯᠢ ᠴᠠᠭᠠᠵᠠ᠂ ᠪᠠᠶᠢᠭᠤᠯᠤᠮᠵᠢ ᠣᠷᠣᠨ ᠲᠤᠭ᠎ᠠ᠂ | ᠰᠤᠷᠭᠠᠨ ᠬᠥᠮᠦᠵᠢᠯ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠲᠤ ᠪᠠᠷ ᠠᠬᠢᠭᠤᠯᠤᠭᠰᠠᠨ ᠠᠵᠢᠯ ᠤᠨ ᠪᠠᠶᠢᠷᠢᠰᠢᠯ ᠢ ᠪᠠᠶᠢᠭᠤᠯᠵᠤ᠂ | ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠳᠦᠷᠢᠮ ᠢ | ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ | ᠬᠡᠷᠡᠭᠲᠡᠢ᠃ ᠮᠤᠵᠢ ᠶᠢᠨ ᠱᠠᠲᠤᠨ ᠤ ᠳᠠᠪᠬᠤᠷᠭ᠎ᠠ ᠠᠴᠠ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠ ᠠᠵᠢᠯ ᠤᠨ | ᠵᠢᠯᠣᠭᠤᠳᠤᠯᠭ᠎ᠠ ᠶᠢ ᠴᠢᠩᠭᠠᠳᠬᠠᠵᠤ᠂ ᠲᠤᠰᠬᠠᠢ ᠣᠷᠣᠨ ᠤ ᠲᠡᠰ ᠤᠨ ᠬᠤᠳᠠ ᠶᠢᠨ ᠱᠠᠲᠤ ᠪᠠ ᠰᠢᠶᠠᠨ ᠤ ᠱᠠᠲᠤᠨ ᠤ | ᠱᠠᠲᠤ ᠳᠠᠪᠬᠤᠷᠭ᠎ᠠ ᠠᠴᠠ ᠬᠤᠯᠪᠣᠭᠳᠠᠯ ᠪᠦᠬᠦᠢ ᠪᠠᠷᠢᠮᠵᠢᠶ᠎ᠠ ᠶᠢ ᠲᠣᠭᠲᠠᠭᠠᠬᠤ ᠪᠠ ᠵᠣᠬᠢᠶᠠᠨ ᠪᠠᠶᠢᠭᠤᠯᠵᠤ | ᠬᠡᠷᠡᠭᠵᠢᠭᠦᠯᠬᠦ ᠠᠵᠢᠯ ᠢ ᠰᠠᠶᠢᠲᠤᠷ ᠠᠳᠬᠤᠵᠤ᠂ ᠨᠡᠶᠢᠭᠡᠮ ᠲᠣᠭᠤᠷᠢᠭ ᠤᠨ ᠠᠵᠢᠯᠲᠠᠨ ᠢ ᠰᠢᠯᠢᠳᠡᠭ ᠢ ᠰᠣᠩᠭᠤᠬᠤ᠂ | ᠦᠯᠡᠳᠡᠭᠡᠵᠦ ᠳᠡᠶᠢᠯᠭᠦ᠂ ᠰᠠᠶᠢᠨ ᠠᠵᠢᠯᠯᠠᠬᠤ ᠶᠢ ᠠᠬᠢᠭᠤᠯᠤᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ | ᠣᠷᠳᠣᠨ ᠦᠨᠳᠦᠰᠦᠨ ᠱᠠᠲᠤᠨ ᠤ ᠵᠠᠰᠠᠯᠲᠠ ᠪᠠ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶ᠎ᠠ ᠪᠦᠬᠦᠢ ᠵᠠᠷᠤᠳᠠᠯ ᠢ ᠲᠣᠰ ᠱᠠᠲᠤᠨ ᠤ ᠵᠠᠰᠠᠭ ᠤᠨ | ᠣᠷᠳᠣᠨ ᠤ ᠣᠨ ᠤ ᠲᠥᠰᠥᠪ ᠲᠤ ᠬᠠᠤᠯᠢ ᠶᠣᠰᠣᠭᠠᠷ ᠵᠢᠭᠰᠠᠭᠠᠨ ᠣᠷᠣᠭᠤᠯᠤᠨ᠎ᠠ᠃ | 16. ᠦᠨᠡᠯᠡᠵᠦ ᠵᠢᠯᠤᠭᠤᠳᠬᠤ ᠶᠢ ᠥᠷᠨᠢᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ | ᠠᠵᠢᠯ ᠤᠨ ᠰᠠᠯᠠᠭ᠎ᠠ ᠮᠥᠴᠢᠷ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠲᠣᠭᠤᠷᠢᠭ ᠤᠨ | ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢᠨ ᠠᠬᠢᠴᠠ ᠶᠢᠨ ᠪᠠᠶᠢᠳᠠᠯ ᠢ | ᠦᠨᠡᠯᠡᠬᠦ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ ᠲᠤᠭ᠎ᠠ ᠪᠦᠷᠢᠳᠬᠡᠯ ᠤᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠳ᠋ᠠᠶᠢᠲ᠋ᠠ ᠶᠢᠨ ᠬᠥᠮᠥᠷᠭᠡ ᠶᠢ ᠲᠡᠭᠦᠯᠳᠡᠷᠵᠢᠭᠦᠯᠦᠨ᠂ ᠨᠡᠶᠢᠭᠡᠮ | ᠲᠣᠭᠤᠷᠢᠭ ᠤᠨ ᠠᠵᠢᠯᠲᠠᠨ ᠤ ᠡᠩᠨᠡᠭᠡᠨ ᠤ ᠪᠠᠶᠢᠳᠠᠯ ᠢ ᠬᠥᠳᠡᠯᠦᠩᠭᠦᠢ ᠪᠠᠷ ᠡᠵᠡᠮᠰᠢᠨ᠎ᠡ᠃ ᠨᠡᠶᠢᠭᠡᠮ ᠤᠨ ᠬᠦᠴᠦᠨ ᠢ | ᠬᠥᠲᠥᠯᠥᠨ ᠵᠢᠯᠤᠭᠤᠳᠴᠤ ᠨᠡᠶᠢᠭᠡᠮ ᠲᠣᠭᠤᠷᠢᠭ ᠤᠨ ᠠᠵᠢᠯᠲᠠᠨ ᠤ ᠴᠢᠳᠠᠪᠤᠷᠢ ᠶᠢᠨ ᠪᠠᠶᠢᠭᠤᠯᠤᠯᠲᠠ ᠳᠤ | ᠣᠷᠣᠯᠴᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠷᠢᠮᠵᠢᠶ᠎ᠠ ᠶᠢ ᠨᠡᠭᠡᠭᠡᠨ ᠬᠥᠭᠵᠢᠭᠦᠯᠬᠦ ᠵᠡᠷᠭᠡ | ᠠᠵᠢᠯ ᠢ ᠬᠠᠮᠵᠢᠯᠴᠠᠨ ᠰᠠᠶᠢᠲᠤᠷ ᠬᠢᠨ᠎ᠡ᠃ | 17. ᠳᠠᠷᠤᠭᠠᠰᠤ ᠶᠢ ᠬᠥᠩᠭᠡᠷᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶᠢᠷᠡᠭᠦᠯᠦᠨ᠎ᠡ᠃ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ ᠨᠡᠶᠢᠭᠡᠮ ᠲᠣᠭᠤᠷᠢᠭ ᠤᠨ ᠠᠵᠢᠯᠲᠠᠳ ᠤᠨ ᠨᠡᠩ ᠤᠯᠠᠨ | ᠴᠠᠭ᠂ ᠤᠶᠤᠨ ᠴᠢᠳᠠᠯ ᠢ ᠵᠠᠷᠤᠴᠠᠭᠤᠯᠤᠨ ᠰᠠᠭᠤᠭᠠᠯᠢ ᠠᠷᠠᠳ ᠤᠨ ᠤᠯᠠᠨ ᠲᠦᠮᠡᠨ ᠳᠤ ᠦᠢᠯᠡᠴᠢᠯᠡᠭᠦᠯᠦᠨ᠎ᠡ᠃ | ᠨᠡᠶᠢᠭᠡᠮ ᠲᠣᠭᠤᠷᠢᠭ ᠤᠨ ᠠᠵᠢᠯ ᠤᠨ ᠵᠦᠢᠯᠡᠰ ᠤᠨ ᠣᠷᠣᠭᠤᠯᠬᠤ ᠶᠢ ᠵᠥᠪᠰᠢᠶᠡᠷᠡᠬᠦ ᠲᠣᠭᠲᠠᠴᠠ ᠪᠣᠯᠣᠨ | ᠬᠥᠳᠡᠯᠦᠩᠭᠦᠢ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠲᠣᠭᠤᠷᠢᠭ ᠤᠨ | ᠵᠣᠬᠢᠶᠠᠨ ᠪᠠᠶᠢᠭᠤᠯᠤᠭᠰᠠᠨ ᠠᠵᠢᠯ ᠤᠨ ᠬᠡᠷᠡᠭ ᠶᠠᠪᠤᠳᠠᠯ᠂ ᠲᠣᠭᠲᠠᠴᠠ ᠶᠢᠨ ᠫᠠᠶᠢᠰᠠ ᠪᠣᠯᠣᠨ ᠭᠡᠷᠡᠴᠢᠯᠡᠬᠦ ᠵᠦᠢᠯᠡᠰ ᠢ | ᠵᠢᠷᠤᠮᠵᠢᠭᠤᠯᠤᠨ᠎ᠠ᠃ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ᠂ ᠨᠤᠷᠠᠭᠠᠵᠤ ᠨᠡᠭᠦᠯᠭᠡᠬᠦ ᠪᠠ ᠳᠦᠷᠢᠮ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ᠂ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠤᠳᠠ ᠶᠢᠨ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠵᠡᠷᠭᠡ | ᠵᠦᠢᠯᠡᠰ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠤᠯᠭᠠᠵᠤ ᠪᠤᠯᠬᠤ ᠦᠭᠡᠢ᠂ ᠠᠵᠢᠯ ᠤᠨ ᠳᠤᠮᠳᠠ ᠪᠠᠨ ᠨᠡᠶᠢᠭᠡᠮ | ᠲᠣᠭᠤᠷᠢᠭ ᠢᠶᠠᠷ ᠬᠠᠪᠰᠤᠷᠤᠭᠤᠯᠬᠤ ᠴᠢᠬᠤᠯᠠᠲᠠᠢ ᠪᠣᠯ ᠨᠡᠶᠢᠭᠡᠮ ᠲᠣᠭᠤᠷᠢᠭ ᠤᠨ ᠠᠵᠢᠯᠲᠠᠳ ᠢᠳᠡᠪᠬᠢᠲᠡᠢ ᠪᠠᠷ | ᠬᠠᠮᠵᠢᠯᠴᠠᠪᠠᠯ ᠵᠣᠬᠢᠨ᠎ᠠ᠃ ᠣᠶᠤᠨᠲᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠪᠠ ᠦᠨᠳᠦᠰᠦᠨ ᠱᠠᠲᠤᠨ ᠤ | ᠵᠠᠰᠠᠯᠲᠠ ᠶᠢᠨ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠳᠦᠰᠦᠨ | ᠱᠠᠲᠤᠨ ᠤ ᠳ᠋ᠠᠶᠢᠲ᠋ᠠ ᠶᠢᠨ ᠮᠡᠳᠡᠭᠡ ᠵᠠᠩᠭᠢ ᠶᠢ ᠨᠢᠭᠡ ᠯᠡ ᠤᠳᠠᠭ᠎ᠠ ᠳᠤ ᠴᠤᠭᠯᠠᠭᠤᠯᠬᠤ᠂ ᠣᠯᠠᠨ ᠲᠠᠯ᠎ᠠ ᠪᠠᠷ | ᠠᠰᠢᠭᠯᠠᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ᠂ ᠵᠠᠰᠠᠭ ᠤᠨ ᠶᠠᠪᠤᠳᠠᠯ ᠤᠨ | ᠨᠡᠶᠢᠲᠡ ᠶᠢᠨ ᠲᠠᠩᠰᠠᠨ ᠳ᠋ᠤᠭᠠᠷ᠂ ᠠᠵᠢᠯ ᠤᠨ ᠬᠤᠯᠪᠤᠭ᠎ᠠ ᠪᠦᠯᠭᠦᠮ ᠤᠨ ᠵᠢᠷᠤᠮᠵᠢᠬᠰᠠᠨ ᠬᠠᠮᠢᠶᠠᠷᠤᠯᠲᠠ ᠶᠢ | ᠴᠢᠩᠭᠠᠳᠬᠠᠵᠤ᠂ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠢ ᠵᠠᠯᠠᠷᠠᠭᠤᠯᠤᠨ ᠵᠠᠰᠠᠨ᠎ᠠ᠃ ᠰᠢᠶᠠᠨ ᠤ | ᠱᠠᠲᠤᠨ ᠠᠴᠠ ᠳᠡᠭᠡᠭᠰᠢᠬᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠨᠡᠶᠢᠭᠡᠮ ᠲᠣᠭᠤᠷᠢᠭ ᠤᠨ | ᠠᠵᠢᠯᠲᠠᠨ ᠢ ᠵᠢᠭᠡᠯᠡᠨ ᠬᠡᠷᠡᠭᠯᠡᠵᠦ ᠪᠤᠯᠬᠤ ᠦᠭᠡᠢ᠃ ᠵᠡᠭᠡᠯᠢ ᠭᠤᠳᠤᠮᠵᠢ ︵ᠰᠢᠶᠠᠩ ᠪᠠᠯᠭᠠᠰᠤ︶ ᠦᠨᠡᠬᠡᠷ ᠵᠢᠭᠡᠯᠡᠨ | ᠬᠡᠷᠡᠭᠯᠡᠬᠦ ᠴᠢᠬᠤᠯᠠᠲᠠᠢ ᠪᠠᠶᠢᠪᠠᠯ᠂ ᠵᠢᠷᠤᠮᠵᠢᠯ ᠶᠣᠰᠣᠭᠠᠷ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ | ᠠᠵᠢᠯ ᠤᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠳ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠳᠠᠷᠤᠭᠠᠰᠤ ᠶᠢ ᠬᠥᠩᠭᠡᠷᠡᠭᠦᠯᠬᠦ ᠦᠷ᠎ᠡ | ᠪᠦᠲᠦᠮᠵᠢ ᠶᠢ ᠦᠨᠡᠨ ᠬᠦ ᠪᠣᠳᠠᠲᠤ ᠶᠠᠪᠤᠳᠠᠯ ᠬᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠦᠢᠯᠡᠴᠢᠯᠡᠭᠡᠨ ᠤ | ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ | | |