ᠦᠴᠦᠸᠠᠨ ᠰᠢᠶᠠᠨ ᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠨ ᠬᠠᠮᠢᠶᠠᠷᠬᠤ ᠠᠵᠢᠯ ᠳᠤ ᠣᠷᠣᠭᠤᠯᠬᠤ ᠳᠠᠶᠢᠴᠢᠯᠠᠯᠲᠠ ᠶᠢᠨ ᠬᠤᠷᠠᠯ ᠵᠢᠴᠢ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
     ᠦᠨᠳᠦᠰᠦᠨ ᠱᠠᠲᠤᠨ ᠤ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠵᠦ᠂ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠯᠡᠨ᠂ ᠦᠨᠳᠦᠰᠦᠨ ᠱᠠᠲᠤᠨ ᠤ ᠣᠯᠠᠨ ᠲᠦᠮᠡᠨ ᠤ ᠭᠡᠷ ᠲᠡᠭᠡᠨ ᠡᠮᠴᠢᠯᠡᠭᠡᠨ ᠤ ᠳᠠᠭᠠᠳᠬᠠᠯ ᠤᠨ ᠰᠢᠯᠢᠳᠡᠭ ᠦᠢᠯᠡᠴᠢᠯᠡᠭᠡ ᠭᠥᠷᠳᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 4 ᠰᠠᠷ᠎ᠠ ᠶᠢᠨ 16 ᠤ ᠡᠳᠦᠷ᠂ ᠦᠴᠦᠸᠠᠨ ᠰᠢᠶᠠᠨ ᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠨ ᠬᠠᠮᠢᠶᠠᠷᠬᠤ ᠠᠵᠢᠯ ᠳᠤ ᠣᠷᠣᠭᠤᠯᠬᠤ ᠳᠠᠶᠢᠴᠢᠯᠠᠯᠲᠠ ᠶᠢᠨ ᠬᠤᠷᠠᠯ ᠵᠢᠴᠢ ᠪᠣᠯᠪᠠᠰᠤᠷᠠᠭᠤᠯᠤᠯ ᠤᠨ ᠬᠤᠷᠠᠯ ᠦᠴᠦᠸᠠᠨ ᠰᠢᠶᠠᠨ ᠤ ᠡᠮᠨᠡᠯᠭᠡ ᠶᠢᠨ ᠬᠤᠷᠢᠶ᠎ᠠ ᠳᠤ ᠬᠤᠷᠠᠯᠳᠤᠪᠠ᠃ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠶᠡᠷᠦᠩᠬᠡᠢ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ᠂ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠡᠰᠡᠭ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠥᠳᠡᠭᠡ ᠲᠣᠰᠬᠤᠨ ᠤ ᠡᠮᠴᠢ ᠪᠣᠯᠪᠠᠰᠤᠷᠠᠭᠤᠯᠤᠯ ᠳᠤ ᠣᠷᠣᠯᠴᠠᠪᠠ᠃      ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠰᠠᠯᠠᠭᠠᠨ ᠳᠠᠷᠤᠭ᠎ᠠ ᠯᠢ ᠶᠢᠩ᠂ ᠰᠢᠶᠠᠨ ᠤ ᠡᠮᠴᠢᠯᠡᠭᠡᠨ ᠤ ᠳᠠᠭᠠᠳᠬᠠᠯ ᠤᠨ ᠲᠥᠪ ᠤᠨ ᠬᠠᠷᠠᠭᠠᠯᠵᠠᠯ ᠤᠨ ᠰᠠᠯᠠᠭᠠᠨ ᠤ ᠡᠷᠬᠢᠯᠡᠭᠴᠢ ᠬᠠᠨ ᠿᠦᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠰᠠᠯᠠᠭᠠᠨ ᠤ ᠡᠷᠬᠢᠯᠡᠭᠴᠢ ᠭᠦᠸᠧ ᠵᠢᠶᠠᠨ ᠫᠢᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠵᠥᠭᠡᠯᠡᠨ ᠲᠣᠨᠤᠭ ᠤᠨ ᠺᠣᠮᠫᠠᠨᠢ ᠶᠢᠨ ᠢᠨᠵᠧᠨᠧᠷ ᠵᠡᠷᠭᠡ ᠯᠧᠺᠲ᠋ᠣᠷ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠰᠢᠰᠲ᠋ᠧᠮ ᠤᠨ ᠠᠵᠢᠯᠯᠠᠭ᠎ᠠ ᠪᠠ ᠰᠢᠯᠵᠢᠮᠡᠯ ᠲᠥᠬᠦᠭᠡᠷᠡᠮᠵᠢ ᠶᠢᠨ ᠬᠡᠷᠡᠭᠯᠡᠯᠲᠡ ᠵᠢᠴᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠬᠢᠨ ᠵᠢᠷᠤᠮᠵᠢᠭᠤᠯᠤᠨ ᠬᠡᠷᠡᠭᠯᠡᠬᠦ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠵᠢᠴᠢ ᠡᠲᠡᠭᠡᠳ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠪᠠ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠣᠨᠳᠣᠣ ᠭᠠᠵᠠᠷ ᠲᠤ ᠡᠮᠨᠡᠯᠭᠡ ᠳᠤ ᠰᠠᠭᠤᠭᠰᠠᠨ ᠵᠠᠷᠤᠳᠠᠯ ᠢ ᠲᠡᠰᠦᠯᠦᠨ ᠪᠤᠳᠤᠬᠤ ᠶᠠᠪᠤᠴᠠ ᠵᠡᠷᠭᠡ ᠶᠢ ᠨᠠᠷᠢᠨ ᠲᠠᠶᠢᠯᠪᠤᠷᠢᠯᠠᠵᠤ ᠥᠭᠴᠡᠢ᠃ ︽ᠬᠤᠶᠠᠷ ᠡᠪᠡᠳᠴᠢᠨ︾ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ᠂ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠡᠭ ᠢ ᠳᠣᠷᠣᠭᠰᠢ ᠪᠠᠭᠤᠯᠭᠠᠬᠤ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠶᠠᠪᠤᠴᠠ ᠵᠡᠷᠭᠡ ᠳᠤ ᠪᠣᠯᠪᠠᠰᠤᠷᠠᠭᠤᠯᠤᠯ ᠬᠢᠭᠰᠡᠨ ᠪᠥᠭᠡᠳ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠡᠭ ᠲᠤ ᠡᠷᠬᠡ ᠣᠯᠭᠤᠭᠰᠠᠨ ᠪᠠᠶᠢᠨ᠎ᠠ᠃ ︵ᠰᠤᠷᠪᠤᠯᠵᠢᠯᠠᠭᠴᠢ᠄ ᠵᠤᠤ ᠯᠧ᠂ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号