ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ᠎ᠡ ᠬᠠᠳᠠ ᠦᠴᠦᠸᠠᠨ ᠰᠢᠶᠠᠨ ᠤ ᠬᠡᠰᠡᠭ ᠠᠭᠤᠷᠬᠠᠢ ᠶᠢᠨ ᠦᠢᠯᠡᠰ ᠤᠨ ᠠᠵᠤ ᠠᠬᠤᠶᠢᠯᠠᠯ ᠳᠤ ᠭᠦᠨᠵᠡᠭᠡᠶᠢᠷᠡᠨ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/4/19
     4 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠤᠷᠢᠳ ᠬᠤᠵᠢᠳ ᠮᠠᠨ ᠤ ᠰᠢᠶᠠᠨ ᠤ ᠳ᠋ᠠ ᠰᠢᠨ ᠠᠭᠤᠷᠬᠠᠢ ᠶᠢᠨ ᠦᠢᠯᠡᠰ᠂ ᠰᠦᠨ ᠣᠪᠣᠭᠲᠤ ᠠᠭᠤᠷᠬᠠᠢ ᠶᠢᠨ ᠦᠢᠯᠡᠰ᠂ ᠾᠧᠩ ᠪᠦᠦ ᠠᠭᠤᠷᠬᠠᠢ ᠶᠢᠨ ᠦᠢᠯᠡᠰ᠂ ᠬᠤᠩ ᠳ᠋ᠠ ᠠᠭᠤᠷᠬᠠᠢ ᠶᠢᠨ ᠦᠢᠯᠡᠰ ᠪᠠ ᠪᠥᠸᠧ ᠱᠧᠩ ᠠᠭᠤᠷᠬᠠᠢ ᠶᠢᠨ ᠦᠢᠯᠡᠰ ᠤᠨ ᠠᠵᠤ ᠠᠬᠤᠶᠢᠯᠠᠯ ᠤᠨ ᠭᠠᠷ ᠭᠦᠢᠴᠡᠳᠬᠡᠯ᠂ ᠠᠮᠢ ᠠᠬᠤᠢ ᠣᠷᠴᠢᠨ ᠨᠥᠬᠦᠴᠡᠯ ᠤᠨ ᠬᠠᠮᠠᠭᠠᠯᠠᠯᠲᠠ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠭᠦᠨᠵᠡᠭᠡᠶᠢᠷᠡᠨ ᠬᠢᠨᠠᠨ ᠵᠢᠯᠤᠭᠤᠳᠴᠤ ᠪᠠᠶᠢᠴᠠᠭᠠᠪᠠ᠃      ᠪᠠᠶᠢᠴᠠᠭᠠᠯᠲᠠ ᠶᠢᠨ ᠳᠤᠮᠳᠠ᠂ ᠬᠦᠷᠦᠭᠰᠡᠨ ᠭᠠᠵᠠᠷ ᠪᠣᠯᠭᠠᠨ ᠳᠤ ᠬᠠᠳᠠ ᠴᠥᠮ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ ᠵᠢᠴᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠭᠠᠪᠠ᠃ ᠲᠡᠷᠡ᠂ ᠠᠵᠤ ᠠᠬᠤᠶᠢᠯᠠᠯ ᠤᠨ ᠬᠢᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠠᠮᠵᠢᠵᠤ᠂ ᠢᠳᠡᠪᠬᠢᠲᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠵᠦ᠂ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠦᠨᠡᠨᠬᠦ ᠰᠠᠶᠢᠲᠤᠷ ᠵᠠᠮᠨᠠᠬᠤ ᠬᠡᠷᠡᠭᠲᠡᠢ᠃ ᠠᠮᠤᠷ ᠲᠦᠪᠰᠢᠨ ᠤ ᠠᠵᠢᠯ ᠢ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠭᠦᠨᠵᠡᠭᠡᠢ ᠪᠠᠶᠢᠴᠠᠭᠠᠨ ᠴᠡᠭᠴᠡᠯᠡᠨ ᠵᠠᠰᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠬᠤ ᠮᠥᠷᠲᠡᠭᠡᠨ ᠠᠯᠤᠰ ᠬᠡᠳᠦ ᠶᠢ ᠪᠣᠳᠣᠯᠬᠢᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠶᠢ ᠪᠦᠬᠦ ᠲᠠᠯ᠎ᠠ ᠪᠠᠷ ᠨᠠᠪᠲᠠᠷᠡᠭᠦᠯᠵᠦ᠂ ᠭᠠᠷ ᠭᠦᠢᠴᠡᠳᠬᠡᠯ ᠭᠦᠢᠴᠡᠳᠬᠡᠬᠦ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠨᠡᠩ ᠥᠷᠭᠡᠨ ᠬᠠᠷᠠᠴᠠ ᠪᠠᠷ ᠠᠷᠭ᠎ᠠ ᠰᠦᠪᠡᠭᠴᠢᠯᠡᠬᠦ ᠶᠢ ᠠᠳᠬᠤᠵᠤ᠂ ᠬᠥᠭᠵᠢᠯᠲᠡ ᠶᠢ ᠠᠬᠢᠭᠤᠯᠵᠤ᠂ ᠦᠴᠦᠸᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠳᠦᠯ ᠦᠵᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠢᠭᠤᠴᠠᠯᠭ᠎ᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠤ ᠤᠳᠤᠷᠢᠳᠤᠯᠭ᠎ᠠ ᠶᠠᠩ ᠶᠦᠩ ᠭᠠᠩ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠨᠠᠨ ᠵᠢᠯᠤᠭᠤᠳᠴᠤ ᠪᠠᠶᠢᠴᠠᠭᠠᠬᠤ ᠳᠤ ᠣᠷᠣᠯᠴᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号