ᠮᠠᠨ ᠤ ᠣᠷᠣᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/19
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠤᠨ 2024 ᠣᠨ ᠤ ᠠᠵᠢᠯ ᠤᠨ ᠭᠤᠣᠯᠳᠠᠯᠭ᠎ᠠ︾ ︵ᠳᠣᠷᠣᠭᠰᠢ ︽ᠠᠵᠢᠯ ᠤᠨ ᠭᠤᠣᠯᠳᠠᠯᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ 9 ᠲᠠᠯ᠎ᠠ ᠶᠢᠨ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠪᠦᠭᠦ ᠣᠷᠣᠨ ᠤ ᠨᠡᠶᠢᠭᠡᠮ ᠤᠨ ᠠᠵᠢᠯ ᠢ ᠦᠨᠡᠨ ᠬᠦ ᠰᠠᠶᠢᠲᠤᠷ ᠠᠳᠬᠤᠵᠤ ᠪᠤᠢ᠃      ᠣᠶᠢᠯᠠᠭᠠᠭᠰᠠᠨ ᠢᠶᠠᠷ᠂ ᠲᠤᠰ ︽ᠠᠵᠢᠯ ᠤᠨ ᠭᠤᠣᠯᠳᠠᠯᠭ᠎ᠠ︾ ᠳᠤ ᠭᠤᠣᠯᠳᠠᠭᠤ ᠨᠡᠶᠢᠭᠡᠮ ᠤᠨ ᠠᠵᠢᠯ ᠤᠨ ᠬᠦᠷᠢᠶᠡᠨ ᠳᠠᠬᠢ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ  ᠪᠦᠭᠦ ᠲᠠᠯ᠎ᠠ ᠪᠠᠷ ᠲᠤᠭᠤᠰᠢᠯᠠᠭᠤᠯᠬᠤ᠂ ᠪᠦᠭᠦ ᠲᠠᠯ᠎ᠠ ᠪᠠᠷ ᠲᠥᠯᠥᠪᠵᠢᠭᠦᠯᠬᠦ ᠪᠠ ᠰᠢᠰᠲ᠋ᠧᠮ ᠲᠠᠢ ᠵᠢᠯᠤᠭᠤᠳᠬᠤ ᠶᠢ ᠴᠢᠩᠭᠠᠳᠬᠠᠵᠤ᠂ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠤᠭᠤᠳᠬᠤ ᠪᠠ ᠠᠷᠠᠳ ᠲᠦᠮᠡᠨ ᠤ  ᠬᠦᠰᠡᠯ ᠰᠠᠨᠠᠯ ᠢ ᠴᠤᠭᠯᠠᠭᠤᠯᠬᠤ ᠶᠢ ᠬᠥᠲᠥᠯᠥᠨ ᠵᠢᠯᠤᠭᠤᠳᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠦᠨᠡᠨ ᠬᠦ ᠰᠠᠶᠢᠲᠤᠷ ᠬᠢᠬᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠪᠠ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ  ᠵᠡᠷᠭᠡ 9 ᠲᠠᠯ᠎ᠠ ᠶᠢᠨ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠵᠠᠢ᠃      ︽ᠠᠵᠢᠯ ᠤᠨ ᠭᠤᠣᠯᠳᠠᠯᠭ᠎ᠠ︾ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠪᠠᠨ ᠬᠢᠨᠠᠮᠠᠭᠠᠢ ᠨᠠᠷᠢᠯᠢᠭᠵᠢᠭᠤᠯᠤᠨ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠭᠤᠷᠪᠠᠨ ᠲᠠᠯ᠎ᠠ ᠪᠠᠷ ᠠᠬᠢᠭᠤᠯᠬᠤ ᠶᠢ ᠱᠠᠭᠠᠷᠳᠠᠪᠠ᠄  ᠨᠢᠭᠡ ᠳᠤ᠂ ᠠᠵᠢᠯ ᠤᠨ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠳᠤᠲᠠᠭᠤᠳᠠᠯ ᠢᠶᠠᠨ ᠤᠯᠠᠮ ᠨᠢᠭᠡ ᠠᠯᠬᠤᠮ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠴᠢᠩᠭᠠᠳᠬᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠦᠨᠳᠦᠰᠦ ᠪᠠᠨ ᠪᠠᠬᠢᠵᠢᠭᠦᠯᠬᠦ ᠭᠡᠷᠡᠭᠲᠡᠶ᠃ ᠬᠤᠶᠠᠷ  ᠲᠤ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠤᠭᠤᠳᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠷᠢ ᠠᠴᠠ ᠪᠠᠨ ᠬᠡᠲᠦᠷᠡᠵᠦ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠭᠡᠷᠡᠭᠲᠡᠶ᠃ ᠭᠤᠷᠪᠠ ᠳᠤ᠂ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢᠵᠢᠯ ᠤᠨ ᠰᠡᠳᠬᠢᠬᠦᠢ ᠪᠠ ᠠᠷᠭ᠎ᠠ ᠭᠡᠯᠪᠡᠷᠢ ᠪᠠᠷ ᠰᠢᠰᠲ᠋ᠧᠮ ᠲᠠᠢ ᠰᠢᠨᠵᠢᠯᠡᠬᠦ ᠤᠬᠠᠭᠠᠨᠴᠢ ᠨᠡᠶᠢᠭᠡᠮ ᠤᠨ ᠠᠵᠢᠯ ᠤᠨ ᠰᠢᠰᠲ᠋ᠧᠮ ᠢ ᠪᠦᠭᠦ ᠬᠦᠴᠦᠨ ᠢᠶᠠᠷ ᠪᠠᠶᠢᠭᠤᠯᠵᠤ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号