ᠬᠥᠬᠡᠬᠤᠲᠠ ᠶᠢᠨ ᠨᠢᠰᠬᠡᠯ ᠤᠨ ᠪᠠᠭᠤᠳᠠᠯ A350 ᠬᠡᠯᠪᠡᠷᠢ ᠶᠢᠨ ᠨᠢᠰᠬᠡᠯ ᠤᠨ ᠠᠩᠬᠠᠨ ᠤ ᠨᠢᠰᠦᠯᠲᠡ ᠶᠢ ᠤᠭᠲᠤᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/4/19
     ᠬᠥᠬᠡᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠥᠮᠥᠰ ᠤᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ︽ᠡᠮᠦᠨᠡᠰᠢ ᠨᠢᠰᠬᠦ︾ ᠳᠥᠭᠦᠮ ᠳᠥᠲᠡ ᠲᠣᠣᠷ ᠢ ᠭᠦᠢᠴᠡᠳ ᠠᠰᠢᠭᠯᠠᠨ᠂ 4 ᠳ᠋ᠦ᠋ᠭᠡᠷ ᠰᠠᠷ᠎ᠠ ᠶᠢᠨ 28 ᠤ ᠡᠳᠦᠷ ᠠᠴᠠ ᠡᠬᠢᠯᠡᠨ᠂ ᠡᠮᠦᠨᠡᠲᠦ ᠶᠢᠨ ᠠᠭᠠᠷ ᠤᠨ ᠠᠶᠠᠯᠠᠯ ᠤᠨ ᠺᠣᠮᠫᠠᠨᠢ  A350 ᠠᠶᠠᠨᠴᠢᠨ ᠤ ᠨᠢᠰᠬᠡᠯ ᠢᠶᠠᠷ ᠬᠥᠬᠡᠬᠤᠲᠠ ︱ ᠭᠤᠸᠠᠩᠵᠧᠦ ᠶᠢᠨ ᠬᠤᠭᠤᠷᠣᠨᠳᠤ ᠨᠢᠰᠬᠦ ᠪᠠᠷ ᠪᠠᠶᠢᠨ᠎ᠠ᠂ ᠡᠨᠡ ᠨᠢ ᠮᠥᠨ ᠴᠦ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠠᠩᠬᠠᠨ ᠤ  A350 ᠬᠡᠯᠪᠡᠷᠢ ᠶᠢᠨ ᠨᠢᠰᠬᠡᠯ ᠪᠣᠯᠣᠨ᠎ᠠ᠂ ᠡᠭᠡᠯᠵᠢ ᠶᠢᠨ ᠨᠢᠰᠬᠡᠯ ᠤᠨ ᠮᠡᠳᠡᠭᠡ ᠵᠠᠩᠭᠢ ᠨᠢ ᠳᠣᠣᠷᠠᠬᠢ ᠮᠡᠲᠦ᠄      ᠤᠴᠢᠬᠤ CZ3198᠂ 11:50 ᠳᠤ ᠬᠥᠬᠡᠬᠤᠲᠠ ᠶᠢᠨ ᠴᠠᠭᠠᠨ ᠰᠤᠪᠤᠷᠭ᠎ᠠ ᠶᠢᠨ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠨᠢᠰᠴᠦ᠂ 15:00 ᠲᠤ ᠭᠤᠸᠠᠩᠵᠧᠦ ᠶᠢᠨ ᠪᠠᠢ ᠶᠦᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠦᠨ᠎ᠡ︔ ᠪᠤᠴᠠᠬᠤ CZ3197᠂ 07᠄ 55 ᠳᠤ ᠭᠤᠸᠠᠩᠵᠧᠦ ᠶᠢᠨ ᠪᠠᠢ ᠶᠦᠨ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠨᠢᠰᠴᠦ᠂ 10᠄ 55 ᠳᠤ ᠬᠥᠬᠡᠬᠤᠲᠠ ᠶᠢᠨ ᠴᠠᠭᠠᠨ ᠰᠤᠪᠤᠷᠭ᠎ᠠ ᠶᠢᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠨ᠎ᠠ᠃      ᠡᠨᠡ ᠤᠳᠠᠭ᠎ᠠ ᠶᠢᠨ ᠡᠮᠦᠨᠡᠲᠦ ᠶᠢᠨ ᠠᠭᠠᠷ ᠤᠨ ᠠᠶᠠᠯᠠᠯ ᠤᠨ ᠺᠣᠮᠫᠠᠨᠢ ᠶᠢᠨ ᠬᠢᠨ ᠪᠥᠬᠦ ᠳᠡᠯᠡᠬᠡᠢ ᠶᠢᠨ ᠬᠠᠮᠤᠭ ᠤᠨ ᠲᠡᠷᠢᠭᠦᠨ ᠤ ᠳᠤᠮᠳᠠ ᠲᠣᠮᠣ ᠬᠡᠯᠪᠡᠷᠢ ᠶᠢᠨ ᠥᠷᠭᠡᠨ ᠪᠡᠶᠡᠲᠦ ᠠᠶᠠᠨᠴᠢᠨ ᠤ ᠨᠢᠰᠬᠡᠯ ᠢ ᠰᠣᠩᠭᠤᠨ ᠥᠪᠥᠷ ᠮᠣᠩᠭᠤᠯ ᠤᠨ ᠵᠠᠬ᠎ᠠ ᠳᠡᠯᠭᠡᠭᠦᠷ ᠲᠤ ᠣᠷᠣᠭᠤᠯᠤᠭᠰᠠᠨ ᠨᠢ ᠣᠷᠣᠨ ᠤ ᠲᠥᠪ ᠬᠤᠲᠠ ᠠᠴᠠ ᠶᠡᠭᠡ ᠪᠤᠯᠤᠩ ᠤᠨ ᠣᠷᠣᠨ ᠳᠤ ᠬᠦᠷᠬᠦ ᠠᠶᠠᠨᠴᠢᠳ ᠲᠤ ᠠᠯᠢ ᠴᠢᠳᠠᠬᠤ ᠪᠠᠷ ᠨᠠᠩ ᠥᠨᠳᠥᠷ ᠪᠦᠲᠦᠮᠵᠢᠲᠡᠶ᠂ ᠲᠠᠭᠠᠯᠠᠮᠵᠢᠲᠠᠢ᠂ ᠣᠷᠴᠢᠨ ᠠᠬᠤᠢ ᠶᠢ ᠬᠠᠮᠠᠭᠠᠯᠠᠬᠤ ᠨᠢᠰᠦᠯᠲᠡ ᠶᠢᠨ ᠪᠡᠶᠡᠴᠢ ᠣᠶᠢᠯᠠᠭᠠᠯᠲᠠ ᠶᠢ ᠬᠠᠩᠭᠠᠬᠤ ᠪᠣᠯᠣᠨ᠎ᠠ᠃      ︵ᠴᠠᠩ ᠰᠢᠦᠢ ᠴᠧᠨ︶
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号