ᠰᠢᠨ᠎ᠡ ᠡᠨᠧᠷᠭᠢ ᠶᠢᠨ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ | ᠠᠬᠢᠭᠤᠯᠬᠤ ᠶᠢᠨ ᠲᠥᠯᠥᠭᠡ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠪᠣᠯᠣᠨ ᠡᠳ᠋ ᠤᠨ ᠵᠠᠰᠠᠭ ᠤᠨ ᠲᠢᠩᠬᠢᠮ ᠬᠠᠮᠲᠤᠷᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠪᠠᠨ | ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠳᠤ ᠰᠢᠨ᠎ᠡ ᠡᠨᠧᠷᠭᠢ ᠶᠢᠨ ᠲᠣᠭᠤᠷᠢᠨ ᠠᠶᠠᠯᠠᠬᠤ ᠲᠦᠷᠢᠶᠡᠰᠦᠨ | ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠱᠠᠩᠨᠠᠯ ᠨᠥᠬᠦᠪᠦᠷᠢ ᠶᠢᠨ ᠲᠤᠬᠠᠢ ᠬᠡᠷᠡᠭᠵᠢᠭᠦᠯᠬᠦ ᠨᠠᠷᠢᠨ ᠳᠦᠷᠢᠮ︾ ᠢ | ᠳᠠᠷᠤᠮᠠᠯᠯᠠᠨ ᠲᠠᠷᠬᠠᠭᠠᠪᠠ᠃ | ︽ᠨᠠᠷᠢᠨ ᠳᠦᠷᠢᠮ︾ ᠳᠤ᠂ ᠱᠠᠭᠠᠷᠳᠠᠯᠭ᠎ᠠ ᠳᠤ ᠨᠡᠶᠢᠴᠡᠭᠰᠡᠨ ᠴᠠᠭᠢᠯᠭᠠᠨ ᠴᠡᠨᠡᠭᠯᠡᠵᠦ ᠲᠣᠭᠤᠷᠢᠨ ᠠᠶᠠᠯᠠᠬᠤ | ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠬᠤ ᠳᠤ ᠲᠡᠷᠭᠡ ᠪᠦᠷᠢ ᠳᠤ 4 ᠲᠦᠮᠡᠨ ᠲᠥᠭᠦᠷᠢᠭ ᠤᠨ ᠨᠥᠬᠦᠪᠦᠷᠢ | ᠣᠯᠭᠤᠵᠤ᠂ ᠱᠠᠭᠠᠷᠳᠠᠯᠭ᠎ᠠ ᠳᠤ ᠨᠡᠶᠢᠴᠡᠭᠰᠡᠨ ᠴᠠᠭᠢᠯᠭᠠᠨ ᠰᠣᠯᠢᠵᠤ ᠲᠣᠭᠤᠷᠢᠨ ᠠᠶᠠᠯᠠᠬᠤ ᠲᠦᠷᠢᠶᠡᠰᠦᠨ ᠮᠠᠰᠢᠨ | ᠲᠡᠷᠭᠡ ᠬᠤᠳᠠᠯᠳᠤᠨ ᠠᠪᠬᠤ ᠳᠤ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ ᠤᠯᠤᠰ | ᠠᠴᠠ ᠲᠣᠭᠲᠠᠭᠠᠭᠰᠠᠨ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠶᠣᠰᠣᠭᠠᠷ ᠰᠢᠲᠠᠭᠠᠯᠭ᠎ᠠ ᠶᠢᠨ | ᠲᠣᠰᠣ ︵ᠬᠡᠢ︶ ᠬᠡᠷᠡᠭᠯᠡᠵᠦ ᠪᠠᠶᠢᠭ᠎ᠠ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠶᠢ 12 ᠰᠠᠷ᠎ᠠ ᠠᠴᠠ | ᠳᠡᠭᠡᠭᠰᠢ ᠤᠷᠢᠳᠴᠢᠯᠠᠨ ᠰᠢᠨ᠎ᠡ ᠡᠨᠧᠷᠭᠢ ᠶᠢᠨ ᠲᠣᠭᠤᠷᠢᠨ ᠠᠶᠠᠯᠠᠬᠤ ᠮᠠᠰᠢᠨ ᠲᠡᠷᠭᠡ ᠪᠣᠯᠭᠠᠨ ᠰᠢᠨᠡᠳᠬᠡᠭᠰᠡᠨ ᠪᠣᠯ | ᠮᠠᠰᠢᠨ ᠲᠡᠷᠭᠡ ᠪᠦᠷᠢ ᠳᠤ ᠳᠠᠭᠢᠨ 5000 ᠲᠥᠭᠦᠷᠢᠭ ᠤᠨ ᠱᠠᠩᠨᠠᠯ ᠣᠯᠭᠤᠨ᠎ᠠ᠃ ᠲᠦᠷᠢᠶᠡᠰᠦᠨ ᠮᠠᠰᠢᠨ ᠲᠡᠷᠭᠡᠨ ᠤ | ᠲᠤᠰᠬᠠᠢ ᠴᠠᠭᠢᠯᠭᠠᠨ ᠴᠡᠨᠡᠭᠯᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢ ᠪᠣᠳᠠᠲᠠᠢ | ᠠᠵᠢᠯᠯᠠᠭᠠᠨ ᠤ ᠴᠢᠳᠠᠮᠵᠢ ᠪᠠᠷ ᠪᠤᠳᠣᠵᠤ ᠥᠭᠭᠦᠨ᠂ ᠭᠢᠯᠦᠸᠠᠲ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ | ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠵᠤ᠂ ᠨᠢᠭᠡ ᠴᠠᠭᠢᠯᠭᠠᠨ ᠴᠡᠨᠡᠭᠯᠡᠬᠦ ᠥᠷᠲᠡᠭᠡ ᠳᠤ ᠣᠯᠭᠤᠬᠤ | ᠨᠥᠬᠦᠪᠦᠷᠢ ᠶᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠲᠦᠷᠢᠶᠡᠰᠦᠨ | ᠮᠠᠰᠢᠨ ᠲᠡᠷᠭᠡ ᠶᠢᠨ ᠲᠤᠰᠬᠠᠢ ᠴᠠᠭᠢᠯᠭᠠᠨ ᠰᠣᠯᠢᠬᠤ ᠦᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢ | ᠪᠣᠳᠠᠲᠠᠢ ᠠᠵᠢᠯᠯᠠᠭᠠᠨ ᠤ ᠴᠢᠳᠠᠮᠵᠢ ᠪᠠᠷ ᠨᠢ ᠪᠤᠳᠣᠵᠤ ᠥᠭᠭᠦᠨ᠂ ᠭᠢᠯᠦᠸᠠᠲ ᠪᠦᠷᠢ ᠳᠤ 800 ᠲᠥᠭᠦᠷᠢᠭ ᠤᠨ | ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠵᠤ᠂ ᠨᠢᠭᠡ ᠥᠷᠲᠡᠭᠡ ᠳᠤ ᠣᠯᠭᠤᠬᠤ | ᠨᠥᠬᠦᠪᠦᠷᠢ ᠶᠢ ᠬᠠᠮᠤᠭ ᠤᠨ ᠥᠨᠳᠥᠷ ᠲᠡᠭᠡᠨ 150 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠭᠡᠵᠦ | ᠲᠣᠭᠲᠠᠭᠠᠪᠠ᠃ | | | |