ᠦᠴᠦᠸᠠᠨ ᠰᠢᠶᠠᠨ 2024 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠣᠳᠠᠲᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2024/4/2
     3 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠦᠴᠦᠸᠠᠨ ᠰᠢᠶᠠᠨ 2024 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠣᠳᠠᠲᠤ ᠰᠣᠷᠢᠯᠲᠠ ᠬᠢᠪᠡ᠃ ᠲᠣᠰ ᠤᠳᠠᠭᠠᠨ ᠤ ᠰᠣᠷᠢᠯᠲᠠ ᠶᠢᠨ ᠵᠣᠷᠢᠯᠭ᠎ᠠ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠭᠠᠯ ᠤᠨ ᠭᠠᠮᠰᠢᠭ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠢᠶᠠᠨ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠬᠤᠯᠪᠤᠭᠠᠯᠠᠨ ᠬᠥᠳᠡᠯᠦᠯᠴᠡᠬᠦ ᠵᠢᠴᠢ ᠭᠠᠯ ᠤᠨᠲᠠᠷᠠᠭᠠᠬᠤ ᠮᠠᠰᠢᠨ ᠪᠠᠭᠠᠵᠢ ᠲᠣᠨᠣᠭᠯᠠᠯ ᠤᠨ ᠬᠡᠷᠡᠭᠯᠡᠯᠲᠡ ᠶᠢᠨ ᠵᠢᠷᠤᠮᠵᠢᠯᠳᠤ ᠴᠢᠨᠠᠷ ᠪᠠ ᠪᠣᠯᠪᠠᠰᠤᠷᠠᠩᠭᠤᠢ ᠴᠢᠨᠠᠷ ᠢ ᠴᠢᠩᠭᠠᠳᠬᠠᠵᠤ᠂ ᠪᠥᠬᠦ ᠰᠢᠶᠠᠨ ᠤ ᠬᠠᠷᠢᠶ᠎ᠠ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠰᠣᠷᠢᠯᠲᠠ ᠳᠤ ᠦᠴᠦᠸᠠᠨ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ᠂ ᠦᠴᠦᠸᠠᠨ ᠰᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠠᠮᠢ ᠠᠬᠤᠢ ᠶᠢᠨ ᠬᠠᠮᠠᠭᠠᠯᠠᠯᠲᠠ ᠶᠢᠨ ᠲᠥᠪ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠴᠠᠬᠢᠯᠭᠠᠨ ᠬᠠᠩᠭᠠᠬᠤ ᠲᠣᠪᠴᠢᠶ᠎ᠠ᠂ ᠵᠡᠪᠰᠡᠭᠲᠦ ᠬᠦᠴᠦᠨ ᠤ ᠬᠡᠯᠲᠡᠰ ᠤᠨ ᠡᠷᠦᠬᠡ ᠶᠢᠨ ᠴᠡᠷᠢᠭ᠂ ᠬᠥᠬᠡ ᠡᠷᠭᠢ ᠪᠠᠯᠭᠠᠰᠤᠨ ᠤ ᠵᠠᠰᠠᠭ ᠤᠨ ᠣᠷᠳᠣᠨ᠂ ᠦᠴᠦᠸᠠᠨ ᠰᠢᠶᠠᠨ ᠤ ᠡᠮᠨᠡᠯᠭᠡ ᠶᠢᠨ ᠬᠤᠷᠢᠶ᠎ᠠ᠂ ᠴᠠᠭ ᠠᠭᠤᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠨᠡᠶᠢᠲᠡ 110 ᠭᠠᠷᠤᠢ ᠬᠥᠮᠥᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠣᠷᠣᠯᠴᠠᠪᠠ᠃      ᠲᠣᠰ ᠤᠳᠠᠭᠠᠨ ᠤ ᠰᠣᠷᠢᠯᠲᠠ ᠳᠤ᠂ ᠠᠩᠭᠢ ᠶᠢᠨ ᠭᠡᠰᠢᠭᠦᠳ ᠤᠨ ᠲᠤᠰᠬᠠᠯ ᠬᠤᠷᠴᠠ ᠰᠡᠷᠭᠡᠭ᠂ ᠠᠷᠭᠠᠴᠠᠬᠤ ᠠᠷᠭ᠎ᠠ ᠡᠪᠯᠢᠭ ᠪᠠᠶᠢᠵᠤ᠂ ᠭᠠᠯ ᠰᠡᠷᠭᠡᠶᠢᠯᠡᠬᠦ ᠲᠥᠬᠦᠭᠡᠷᠦᠮᠵᠢ ᠶᠢ ᠵᠣᠬᠢᠰᠲᠠᠢ ᠬᠡᠷᠡᠭᠯᠡᠵᠦ᠂ ᠮᠠᠨ ᠤ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠳᠤᠮᠳᠠᠬᠢ ᠥᠨᠳᠥᠷ ᠪᠦᠲᠦᠮᠵᠢᠲᠡᠶ ᠠᠵᠢᠯᠯᠠᠭᠠᠨ ᠤ ᠬᠦᠴᠦᠨ ᠪᠠ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠭᠦᠢᠴᠡᠳ ᠢᠯᠡᠷᠡᠭᠦᠯᠪᠡ᠃ ᠰᠣᠷᠢᠯᠲᠠ ᠶᠢᠨ ᠲᠡᠭᠦᠰ ᠠᠮᠵᠢᠯᠲᠠ ᠣᠯᠣᠭᠰᠠᠨ ᠨᠢ ᠮᠠᠨ ᠤ ᠰᠢᠶᠠᠨ ᠤ ᠭᠠᠷᠴᠤ ᠮᠡᠳᠡᠬᠦ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠷᠭᠠᠴᠠᠬᠤ ᠳᠤ ᠡᠷᠬᠢᠮ ᠨᠠᠨᠳᠢᠨ ᠲᠤᠷᠰᠢᠯᠭ᠎ᠠ ᠬᠠᠩᠭᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠡᠨᠡᠬᠦ ᠬᠤᠪᠣᠷ ᠨᠠᠨᠳᠢᠨ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠪᠦᠬᠦ ᠰᠢᠶᠠᠨ ᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠨ᠎ᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号