ᠦᠴᠦᠸᠠᠨ ᠰᠢᠶᠠᠨ 2024 ᠣᠨ ᠤ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/2
     4 ᠰᠠᠷ᠎ᠠ ᠶᠢᠨ 1 ᠤ ᠡᠳᠦᠷ᠂ ᠦᠴᠦᠸᠠᠨ ᠰᠢᠶᠠᠨ 2024 ᠣᠨ ᠤ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠂ ᠬᠤᠷᠠᠯ ᠤᠨ ᠭᠤᠣᠯ ᠡᠭᠦᠷᠭᠡ ᠪᠣᠯ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠪᠥᠬᠦ ᠰᠢᠶᠠᠨ ᠢ ᠳᠠᠶᠢᠴᠢᠯᠠᠨ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠪᠣᠳᠠᠲᠠᠢ ᠶᠢ ᠡᠷᠬᠢᠮᠯᠡᠬᠦ ᠰᠤᠷᠲᠠᠯ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠠᠵᠢᠯ ᠢ ᠬᠠᠮᠲᠤ ᠪᠠᠷ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ︽ᠬᠤᠶᠠᠷ ᠢ ᠬᠦᠷᠢᠶᠡᠯᠡᠬᠦ ᠵᠢᠱᠢᠶᠡᠴᠢ ᠬᠤᠳᠠ ︵ᠰᠢᠶᠠᠨ︶ ᠶᠢ ᠡᠭᠦᠳᠦᠨ ᠪᠠᠶᠢᠭᠤᠯᠬᠤ ᠶᠢ ᠨᠡᠷᠡᠶᠢᠳᠬᠦ ᠬᠠᠮᠢᠶᠠᠷᠤᠯᠲᠠ ᠶᠢᠨ ᠠᠷᠭ᠎ᠠ︾ ᠶᠢ ᠤᠯᠠᠮᠵᠢᠯᠠᠵᠤ᠂ 2023 ᠣᠨ ᠤ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠠᠯᠪᠠᠨ ᠭᠡᠷ ᠤᠨ ᠮᠠᠨ ᠤ ᠰᠢᠶᠠᠨ ᠤ ᠡᠭᠦᠳᠦᠨ ᠪᠠᠶᠢᠭᠤᠯᠬᠤ ᠠᠵᠢᠯ ᠢ ᠰᠢᠯᠭᠠᠨ ᠦᠨᠡᠯᠡᠵᠦ ᠪᠠᠶᠢᠴᠠᠭᠠᠨ ᠰᠤᠳᠤᠯᠤᠭᠰᠠᠨ ᠬᠠᠷᠢᠭᠤ ᠲᠤᠰᠬᠠᠯ ᠤᠨ ᠪᠠᠶᠢᠳᠠᠯ ᠢ ᠮᠡᠳᠡᠭᠳᠡᠵᠦ᠂ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ︵ᠰᠢᠶᠠᠨ︶ ᠶᠢ ᠰᠢᠯᠭᠠᠨ ᠦᠨᠡᠯᠡᠬᠦ ᠪᠠᠷᠢᠮᠵᠢᠶ᠎ᠠ︾ ᠶᠢ ᠤᠯᠠᠮᠵᠢᠯᠠᠬᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠶᠢᠨ ᠬᠤᠶᠠᠷ ᠢ ᠬᠦᠷᠢᠶᠡᠯᠡᠬᠦ ᠠᠵᠢᠯ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠳᠬᠡᠬᠦ ᠲᠤᠬᠠᠢ ᠨᠠᠷᠢᠨ ᠲᠠᠶᠢᠯᠤᠮᠵᠢ ᠬᠢᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠡᠭᠦᠳᠦᠨ ᠪᠠᠶᠢᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠣᠶᠢᠯᠠᠭᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠳᠠᠰᠤᠷᠠᠯᠳᠠ ᠦᠭᠡᠢ ᠡᠭᠦᠳᠬᠦ ᠬᠡᠷᠡᠭᠲᠡᠢ᠃ ᠬᠤᠶᠠᠷ ᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠳᠦᠨ ᠪᠠᠶᠢᠭᠤᠯᠬᠤ ᠠᠵᠢᠯ ᠤᠨ ᠬᠦᠴᠦᠲᠡᠢ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ ᠬᠦᠴᠦᠨ ᠢ ᠪᠠᠷᠢᠮᠲᠠᠯᠠᠵᠤ᠂ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠰᠢᠶᠠᠨ ᠤ ᠬᠤᠶᠠᠷ ᠢ ᠬᠦᠷᠢᠶᠡᠯᠡᠬᠦ ᠠᠯᠪᠠᠨ ᠭᠡᠷ ᠲᠠᠢ ᠢᠳᠡᠪᠬᠢᠲᠡᠢ ᠬᠠᠮᠵᠢᠯᠴᠠᠵᠤ᠂ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠤᠶᠠᠷ ᠢ ᠬᠦᠷᠢᠶᠡᠯᠡᠬᠦ ᠠᠵᠢᠯ ᠤᠨ ᠬᠠᠮᠢᠶ᠎ᠠ ᠪᠦᠬᠦᠢ ᠮᠡᠳᠡᠭᠡ ᠵᠠᠩᠭᠢ᠂ ᠲᠠᠩᠰᠠ ᠡᠪᠬᠡᠮᠡᠯ ᠢ ᠴᠤᠭᠯᠠᠭᠤᠯᠬᠤ ᠪᠠ ᠡᠮᠬᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠬᠤᠶᠠᠷ ᠢ ᠬᠦᠷᠢᠶᠡᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠢ ᠨᠦᠭᠦᠳ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠪᠠᠷ ᠭᠤᠣᠯ ᠠᠭᠤᠯᠭ᠎ᠠ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠬᠤᠶᠠᠷ ᠢ ᠬᠦᠷᠢᠶᠡᠯᠡᠬᠦ ᠠᠵᠢᠯ ᠤᠨ ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠬᠤᠶᠠᠷ ᠢ ᠬᠦᠷᠢᠶᠡᠯᠡᠬᠦ ᠦᠵᠡᠯ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠤᠬᠠᠭᠤᠯᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠡᠯ᠎ᠡ ᠲᠦᠷᠦᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ ᠪᠠᠷ ᠬᠦᠴᠦᠷᠬᠡᠭ ᠶᠡᠭᠡ ᠤᠬᠠᠭᠤᠯᠭ᠎ᠠ ᠶᠢᠨ ᠰᠦᠷ ᠬᠦᠴᠦᠨ ᠢ ᠪᠤᠢ ᠪᠣᠯᠭᠠᠵᠤ᠂ ᠥᠷᠭᠡᠨ ᠤᠯᠠᠨ ᠲᠦᠮᠡᠨ ᠤ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠢ᠃ ︵ᠰᠤᠷᠪᠤᠯᠵᠢᠯᠠᠭᠴᠢ᠄ ᠯᠢᠦᠢ ᠫᠢᠩ ᠫᠢᠩ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号