ᠡᠨᠡ ᠬᠠᠪᠤᠷ 9.7 ᠳ᠋ᠦᠩᠰᠢᠭᠤᠷ ᠮᠦ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠵᠣᠭᠰᠣᠭᠠᠨ᠎ᠠ
ᠨᠡᠶᠢᠲᠡᠯᠡᠭᠰᠡᠨ ᠴᠠᠭ᠄
2024/4/2
     ᠬᠠᠪᠤᠷ ᠤᠨ ᠤᠯᠠᠷᠢᠯ ᠤᠨ ᠪᠡᠯᠴᠢᠭᠡᠷ ᠥᠨᠵᠢᠭᠦᠯᠬᠦ ᠨᠢ ᠮᠠᠯ ᠤᠨ ᠪᠡᠯᠴᠢᠭᠡᠷ ᠡᠪᠡᠰᠦ ᠶᠢ ᠬᠡᠮᠡᠯᠢᠬᠦ᠂ ᠭᠢᠰᠬᠢᠯᠡᠬᠦ ᠶᠢ ᠪᠦᠲᠦᠮᠵᠢᠲᠡᠶ ᠪᠠᠭᠠᠰᠬᠠᠵᠤ᠂ ᠪᠡᠯᠴᠢᠭᠡᠷ ᠡᠪᠡᠰᠦ ᠭᠦᠢᠴᠡᠳ ᠨᠣᠭᠤᠭᠠᠷᠠᠬᠤ ᠪᠠ ᠦᠷᠭᠦᠯᠵᠢᠯᠡᠨ ᠤᠷᠭᠤᠬᠤ ᠳᠤ ᠠᠰᠢᠭᠲᠠᠢ ᠪᠠᠶᠢᠵᠤ᠂ ᠪᠡᠯᠴᠢᠭᠡᠷ ᠡᠪᠡᠰᠦ ᠶᠢᠨ ᠤᠨᠠᠯᠲᠠ ᠶᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠢ ᠬᠠᠮᠠᠭᠠᠯᠠᠬᠤ ᠦᠢᠯᠡᠳᠦᠯ ᠦᠵᠡᠭᠦᠯᠳᠡᠭ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ ᠠᠴᠠ ᠡᠬᠢᠯᠡᠨ ᠰᠢᠯᠢ ᠶᠢᠨ ᠭᠤᠣᠯ ᠠᠶᠢᠮᠠᠭ ᠤᠨ 2.2 ᠳ᠋ᠦᠩᠰᠢᠭᠤᠷ ᠮᠦ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠪᠠᠷ ᠪᠣᠯᠵᠠᠢ᠃ ᠮᠠᠨ ᠤ ᠣᠷᠣᠨ  ᠡᠯ᠎ᠡ ᠭᠠᠵᠠᠷ ᠤᠨ ᠡᠪᠡᠰᠦ ᠪᠡᠯᠴᠢᠭᠡᠷ ᠤᠨ ᠲᠥᠷᠥᠯ ᠭᠡᠯᠪᠡᠷᠢ᠂ ᠬᠤᠷ᠎ᠠ ᠲᠤᠨᠳᠠᠰᠤ ᠶᠢᠨ ᠬᠡᠮᠵᠢᠶ᠎ᠡ᠂ ᠠᠭᠠᠷ ᠤᠨ ᠳᠤᠯᠠᠭᠠᠨ ᠵᠢᠴᠢ ᠨᠤᠲᠤᠭ ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ ᠰᠡᠯᠭᠦᠨ ᠮᠠᠯᠵᠢᠬᠤ ᠴᠠᠭ ᠤᠨ ᠬᠢᠵᠠᠭᠠᠷ ᠢ ᠲᠣᠭᠲᠠᠭᠠᠵᠠᠢ᠂ ᠣᠳᠣᠬᠠᠨ ᠳᠤ ᠤᠯᠠᠭᠠᠨᠬᠠᠳᠠ᠂ ᠣᠷᠳᠣᠰ ᠤᠨ ᠬᠡᠰᠡᠭ ᠬᠤᠰᠢᠭᠤ ᠰᠢᠶᠠᠨ ᠨᠢᠭᠡᠨᠲᠡ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠤ ᠣᠷᠣᠵᠤ᠂ ᠰᠡᠯᠭᠦᠨ ᠮᠠᠯᠵᠢᠬᠤ ᠬᠤᠭᠤᠴᠠᠭ᠎ᠠ ᠶᠢ 45 ᠡᠳᠦᠷ ᠠᠴᠠ ᠳᠣᠣᠷ᠎ᠠ ᠪᠠᠶᠢᠯᠭᠠᠬᠤ ᠦᠭᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ︾ ᠶᠣᠰᠣᠭᠠᠷ᠂ ᠡᠨᠡ ᠵᠢᠯ ᠪᠦᠭᠦ ᠣᠷᠣᠨ ᠤ ᠨᠤᠲᠤᠭ ᠪᠡᠯᠴᠢᠭᠡᠷ ᠲᠤ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠶᠢ ᠬᠡᠷᠡᠭᠵᠢᠭᠦᠯᠵᠦ᠂ ᠰᠡᠯᠭᠦᠨ ᠮᠠᠯᠵᠢᠬᠤ ᠶᠡᠷᠦᠩᠬᠡᠢ ᠲᠠᠯᠠᠪᠠᠶ ᠶᠢ 9.7 ᠳ᠋ᠦᠩᠰᠢᠭᠤᠷ ᠮᠦ ᠳᠤ ᠬᠦᠷᠭᠡᠨ᠎ᠡ᠃      ᠥᠪᠥᠷ ᠮᠣᠩᠭᠤᠯ ᠪᠡᠯᠴᠢᠭᠡᠷᠯᠡᠭᠦᠯᠬᠦ ᠪᠠᠨ ᠵᠣᠭᠰᠣᠭᠰᠠᠨ ᠮᠠᠯᠵᠢᠬᠤ ᠡᠷᠦᠭᠡ ᠳᠤ ᠨᠥᠬᠦᠪᠦᠷᠢ ᠣᠯᠭᠤᠬᠤ ᠪᠠᠷ ᠳᠠᠮᠵᠢᠭᠤᠯᠤᠨ᠂ ᠨᠤᠲᠤᠭ ᠪᠡᠯᠴᠢᠭᠡᠷ ᠢ ᠰᠡᠷᠭᠦᠭᠡᠬᠦ ᠶᠢ ᠳᠡᠮᠵᠢᠵᠦ ᠪᠠᠶᠢᠨ᠎ᠠ᠃ ᠡᠭᠦᠨ ᠤ ᠬᠠᠮᠲᠤ᠂ ᠵᠠᠰᠠᠭ ᠤᠨ ᠣᠷᠳᠣᠨ ᠨᠥᠭᠡᠴᠡᠯᠡᠬᠦ᠂ ᠮᠠᠯᠴᠢᠳ ᠥᠪᠡᠷᠰᠡᠳ ᠢᠶᠠᠨ ᠪᠡᠯᠡᠳᠬᠡᠬᠦ᠂ ᠵᠣᠬᠢᠴᠠᠭᠤᠯᠤᠨ ᠲᠣᠬᠢᠷᠠᠭᠤᠯᠵᠤ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠪᠡᠰᠦ ᠪᠣᠷᠳᠤᠭ᠎ᠠ ᠨᠥᠭᠡᠴᠡᠯᠡᠵᠦ᠂ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠬᠠᠰᠢᠶᠠᠯᠠᠨ ᠲᠡᠵᠢᠭᠡᠬᠦ ᠫᠧᠩ ᠰᠠᠷᠠᠪᠴᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠦᠢᠯᠡᠴᠢᠯᠡᠭᠡᠨ ᠢ ᠴᠢᠩᠭᠠᠷᠠᠭᠤᠯᠤᠨ᠂ ᠮᠠᠯᠴᠢᠳ ᠤᠨ ᠥᠪᠡᠷ ᠤᠨ ᠮᠠᠯ ᠲᠡᠵᠢᠭᠡᠪᠦᠷᠢ ᠪᠠᠨ ᠬᠠᠰᠢᠶᠠᠯᠠᠨ ᠲᠡᠵᠢᠭᠡᠬᠦ ᠶᠢ ᠳᠡᠮᠵᠢᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号