ᠨᠢᠭᠡ ᠪᠦᠯᠦᠭ ᠰᠢᠨ᠎ᠡ ᠲᠣᠭᠲᠠᠭᠠᠯ ᠢ 4 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/4/2
     ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠶᠢ ᠡᠬᠢᠯᠡᠭᠦᠯᠵᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ 90 ᠡᠳᠦᠷ ᠠᠴᠠ ᠳᠤᠲᠠᠭᠤ ᠦᠭᠡᠢ ᠬᠠᠳᠠᠭᠠᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠦᠷᠭᠡᠨ ᠬᠦᠷᠭᠡᠯᠲᠡ ᠶᠢᠨ ᠬᠡᠷᠡᠭᠯᠡᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠨ᠎ᠠ ᠁ 2024 ᠣᠨ ᠤ 4 ᠰᠠᠷ᠎ᠠ ᠳᠤ᠂ ᠬᠡᠷᠡᠭᠵᠢᠭᠦᠯᠬᠦ ᠪᠠᠷ ᠪᠠᠶᠢᠭ᠎ᠠ ᠨᠢᠭᠡ ᠪᠦᠯᠦᠭ ᠰᠢᠨ᠎ᠡ ᠲᠣᠭᠲᠠᠭᠠᠯ ᠨᠢ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠪᠤᠢ ᠪᠣᠯᠭᠠᠪᠠ᠃      ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠶᠢ ᠡᠬᠢᠯᠡᠭᠦᠯᠪᠡ      ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠡᠷᠬᠡ ᠠᠰᠢᠭ ᠢ ᠨᠡᠩ ᠰᠠᠶᠢᠨ ᠪᠠᠲᠤᠯᠠᠬᠤ ᠶᠢᠨ ᠲᠥᠯᠥᠭᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ ᠠᠴᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ 4 ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠭᠦ ᠤᠯᠤᠰ ᠤᠨ ᠡᠯ᠎ᠡ ᠮᠤᠵᠢ ᠣᠷᠣᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠠᠵᠢᠯ ᠢ ᠲᠤᠷᠰᠢᠨ ᠥᠷᠨᠢᠭᠦᠯᠪᠡ᠃      ᠮᠡᠳᠡᠭᠳᠡᠯ ᠳᠤ᠂ ᠡᠯ᠎ᠡ ᠮᠤᠵᠢ ᠣᠷᠣᠨ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠡᠰᠡᠭ ᠲᠤᠰᠬᠠᠢ ᠣᠷᠣᠨ ᠬᠤᠲᠠ ᠶᠢ ᠰᠣᠩᠭᠤᠨ ᠲᠤᠷᠰᠢᠯᠲᠠ ᠶᠢ ᠡᠬᠢᠯᠡᠭᠦᠯᠵᠦ᠂ ᠲᠤᠷᠰᠢᠯᠲᠠ ᠶᠢᠨ ᠲᠤᠰᠬᠠᠢ ᠣᠷᠣᠨ ᠬᠤᠲᠠ ᠶᠢᠨ ᠠᠵᠢᠯᠲᠠᠨ ᠨᠡᠶᠢᠭᠡᠮ ᠤᠨ ᠳᠠᠭᠠᠳᠬᠠᠯ ᠤᠨ ᠺᠠᠷᠲ ᠢᠶᠠᠷ ᠢᠶᠠᠨ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠪᠠ ᠠᠵᠢᠯ ᠠᠴᠠ ᠪᠣᠯᠤᠭᠰᠠᠨ ᠭᠡᠮᠲᠦᠯ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ᠂ ᠠᠵᠢᠯ ᠠᠴᠠ ᠪᠣᠯᠤᠭᠰᠠᠨ ᠭᠡᠮᠲᠦᠯ ᠤᠨ ᠡᠮᠨᠡᠯᠭᠡ ᠳᠤ ᠰᠠᠭᠤᠭᠰᠠᠨ ᠡᠷᠡᠭᠦᠯᠵᠢᠯ ᠤᠨ ᠵᠠᠷᠤᠳᠠᠯ ᠪᠠ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠵᠠᠷᠤᠳᠠᠯ ᠢ ᠰᠢᠭᠤᠳ ᠲᠡᠰᠦᠯᠦᠨ ᠪᠤᠳᠤᠵᠤ ᠪᠣᠯᠣᠨ᠎ᠠ᠃ ᠲᠤᠷᠰᠢᠯᠲᠠ ᠶᠢᠨ ᠬᠤᠭᠤᠴᠠᠭ᠎ᠠ ᠨᠢ ᠨᠢᠭᠡ ᠵᠢᠯ ᠪᠣᠯᠣᠨ᠎ᠠ ᠭᠡᠵᠦ ᠱᠠᠭᠠᠷᠳᠠᠪᠠ᠃      ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠨᠢᠯᠬ᠎ᠠ ᠬᠡᠦᠬᠡᠳ ᠤᠨ ᠠᠮᠢᠳᠤᠷᠠᠯ ᠤᠨ ᠲᠠᠯᠠᠪᠤᠷ ᠭᠠᠵᠠᠷ ᠤᠨ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠶᠢ 90 ᠡᠳᠦᠷ ᠠᠴᠠ ᠳᠤᠲᠠᠭᠤ ᠪᠠᠶᠢᠯᠭᠠᠵᠤ ᠪᠤᠯᠬᠤ ᠦᠭᠡᠢ      4 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ᠲᠠᠨᠢᠯᠴᠠᠭᠤᠯᠭ᠎ᠠ ᠶᠢᠨ ᠴᠢᠨᠠᠷᠲᠠᠢ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠪᠠᠷᠢᠮᠵᠢᠶ᠎ᠠ ︽ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠢ ᠦᠨᠡᠯᠡᠨ ᠵᠢᠱᠢᠬᠦ ᠪᠠᠷᠢᠮᠵᠢᠶ᠎ᠠ︾ ᠳᠤ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠡᠦᠬᠡᠳ ᠰᠠᠭᠠᠲᠠᠭᠤᠯᠬᠤ ᠨᠥᠬᠦᠴᠡᠯ᠂ ᠬᠡᠦᠬᠡᠳ ᠰᠠᠭᠠᠲᠠᠭᠤᠯᠬᠤ ᠡᠩᠨᠡᠭᠡ᠂ ᠠᠰᠠᠷᠠᠨ ᠬᠥᠮᠥᠵᠢᠭᠦᠯᠵᠦ ᠬᠠᠷᠠᠭᠠᠯᠵᠠᠨ ᠠᠰᠠᠷᠠᠬᠤ᠂ ᠡᠷᠡᠭᠦᠯ ᠬᠠᠮᠠᠭᠠᠯᠠᠯ ᠡᠷᠡᠭᠦᠯᠵᠢᠯ᠂ ᠠᠰᠠᠷᠠᠨ ᠬᠥᠮᠥᠵᠢᠭᠦᠯᠬᠦ ᠶᠢ ᠳᠡᠮᠵᠢᠬᠦ᠂ ᠠᠮᠤᠷ ᠲᠦᠪᠰᠢᠨ ᠤ ᠪᠠᠲᠤᠯᠠᠭ᠎ᠠ᠂ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠶᠢ ᠦᠨᠡᠯᠡᠨ ᠵᠢᠱᠢᠬᠦ ᠠᠭᠤᠯᠭ᠎ᠠ ᠳᠤ ᠲᠣᠭᠲᠠᠭᠠᠯ ᠭᠠᠷᠭᠠᠵᠠᠢ᠃ ᠲᠣᠰ ᠪᠠᠷᠢᠮᠵᠢᠶ᠎ᠠ ᠶᠢ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠤ ᠪᠦᠬᠦᠯᠢ ᠡᠳᠦᠷ ᠤᠨ ᠠᠰᠠᠷᠠᠨ ᠬᠠᠷᠠᠭᠠᠯᠵᠠᠬᠤ ᠦᠢᠯᠡᠴᠢᠯᠡᠭᠡ ᠬᠠᠩᠭᠠᠬᠤ ᠪᠠᠶᠢᠭᠤᠯᠤᠮᠵᠢ ︵ᠬᠡᠦᠬᠡᠳ ᠤᠨ ᠴᠡᠴᠡᠷᠯᠢᠭ ᠤᠨ ᠬᠡᠦᠬᠡᠳ ᠰᠠᠭᠠᠲᠠᠭᠤᠯᠬᠤ ᠠᠩᠭᠢ ᠪᠠᠭᠲᠠᠨ᠎ᠠ︶ ᠶᠢ ᠦᠨᠡᠯᠡᠨ ᠵᠢᠱᠢᠬᠦ ᠳᠤ ᠬᠡᠷᠡᠭᠯᠡᠨ᠎ᠡ᠃ ᠬᠠᠭᠠᠰ ᠡᠳᠦᠷ ᠰᠠᠭᠠᠲᠠᠭᠤᠯᠬᠤ᠂ ᠴᠠᠭ ᠢᠶᠠᠷ ᠲᠣᠭᠠᠴᠠᠭ᠎ᠠ ᠬᠢᠵᠦ ᠰᠠᠭᠠᠲᠠᠭᠤᠯᠬᠤ᠂ ᠲᠦᠷ ᠴᠠᠭ ᠰᠠᠭᠠᠲᠠᠭᠤᠯᠬᠤ ᠵᠡᠷᠭᠡ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠵᠤ ᠪᠠᠶᠢᠭ᠎ᠠ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠦᠨᠡᠯᠡᠨ ᠵᠢᠱᠢᠯᠲᠡ ᠳᠤ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃      ᠦᠨᠡᠯᠡᠨ ᠵᠢᠱᠢᠬᠦ ᠪᠠᠷᠢᠮᠵᠢᠶ᠎ᠠ ᠳᠤ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠨᠤᠭᠤᠳ ᠠᠮᠤᠷ ᠲᠦᠪᠰᠢᠨ ᠤ ᠲᠥᠬᠦᠭᠡᠷᠦᠮᠵᠢ ᠶᠢ ᠪᠦᠷᠢᠳᠦᠭᠦᠯᠵᠦ᠂ ᠨᠢᠭᠡ ᠳᠠᠷᠤᠪᠴᠢᠲᠤ ᠮᠠᠶ᠋ᠢᠭ ᠢᠶᠠᠷ ᠲᠦᠭᠰᠢᠭᠦᠷᠢ ᠮᠡᠳᠡᠭᠦᠯᠬᠦ᠂ ᠴᠢᠬᠤᠯᠠ ᠪᠦᠬᠦᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠢ᠃ ᠨᠢᠯᠬ᠎ᠠ ᠬᠡᠦᠬᠡᠳ ᠤᠨ ᠠᠮᠢᠳᠤᠷᠠᠯ ᠤᠨ ᠲᠠᠯᠠᠪᠤᠷ ᠲᠤ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠬᠤ ᠶᠢᠨ ᠵᠡᠷᠭᠡ ᠪᠠᠷ ᠪᠦᠭᠦᠨ ᠢ ᠪᠦᠷᠬᠦᠭᠦᠯᠦᠨ᠎ᠡ᠃ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠶᠢ 90 ᠡᠳᠦᠷ ᠠᠴᠠ ᠳᠤᠲᠠᠭᠤ ᠪᠠᠶᠢᠯᠭᠠᠵᠤ ᠪᠤᠯᠬᠤ ᠦᠭᠡᠢ᠃ ᠨᠢᠯᠬ᠎ᠠ ᠬᠡᠦᠬᠡᠳ ᠤᠨ ᠠᠮᠢᠳᠤᠷᠠᠯ ᠳᠤ ᠬᠡᠷᠡᠭᠯᠡᠬᠦ ᠭᠡᠷ ᠪᠠᠶᠢᠰᠢᠩ ᠢ 3 ᠳᠠᠪᠬᠤᠷ ᠠᠴᠠ ᠳᠣᠷᠣᠭᠰᠢ ᠪᠠᠶᠢᠷᠢᠯᠠᠭᠤᠯᠵᠤ᠂ ᠨᠢᠯᠬ᠎ᠠ ᠬᠡᠦᠬᠡᠳ ᠤᠨ ᠬᠡᠷᠡᠭᠯᠡᠬᠦ ᠭᠡᠷ ᠨᠢ ᠰᠠᠷᠠᠭᠤᠯ ᠲᠤᠩᠭᠠᠯᠠᠭ᠂ ᠭᠡᠷᠡᠯ ᠲᠤᠰᠬᠤ ᠨᠥᠬᠦᠴᠡᠯ ᠰᠠᠶᠢᠨ ᠵᠡᠷᠭᠡ ᠪᠠᠷ ᠪᠠᠶᠢᠷᠢᠰᠢᠭᠤᠯᠪᠠᠯ ᠵᠣᠬᠢᠨ᠎ᠠ ᠭᠡᠵᠦ ᠳᠤᠷᠠᠳᠪᠠ᠃      ᠭᠤᠪᠢᠭᠤᠯᠵᠤ ᠬᠦᠷᠭᠡᠬᠦ ᠦᠢᠯᠡᠴᠢᠯᠡᠭᠡᠨ ᠤ ᠬᠡᠷᠡᠭᠯᠡᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠤᠭ ᠤᠨ ᠪᠠᠭ᠎ᠠ ᠬᠡᠪᠴᠢᠶ᠎ᠡ ᠪᠠᠷ ᠴᠤᠭᠯᠠᠭᠤᠯᠤᠨ᠎ᠠ      4 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ᠰᠢᠨ᠎ᠡ ︽ᠲᠦᠷᠭᠡᠨ ᠬᠦᠷᠭᠡᠯᠲᠡ ᠶᠢᠨ ᠦᠢᠯᠡᠴᠢᠯᠡᠭᠡ︾ ᠭᠡᠬᠦ ᠭᠤᠷᠪᠠᠨ ᠵᠦᠢᠯ ᠤᠨ ᠰᠢᠷᠢᠰ ᠤᠯᠤᠰ ᠤᠨ ᠪᠠᠷᠢᠮᠵᠢᠶ᠎ᠠ ᠳᠤ ᠤᠯᠤᠰ ᠤᠨ ᠳᠣᠲᠣᠭᠠᠳᠤ ᠶᠢᠨ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠴᠠᠭ ᠤᠨ ᠬᠢᠵᠠᠭᠠᠷ ᠢ ᠨᠠᠷᠢᠯᠢᠭᠵᠢᠭᠤᠯᠵᠤ᠂ ᠠᠵᠢᠯ ᠡᠷᠬᠢᠯᠡᠭᠰᠡᠳ ᠤᠨ ᠡᠷᠬᠡ ᠠᠰᠢᠭ ᠢ ᠬᠠᠮᠠᠭᠠᠯᠠᠬᠤ ᠱᠠᠭᠠᠷᠳᠠᠯᠭ᠎ᠠ ᠶᠢ ᠳᠤᠷᠠᠳᠴᠤ᠂ ᠲᠦᠷᠭᠡᠨ ᠬᠦᠷᠭᠡᠯᠲᠡ ᠶᠢᠨ ᠬᠡᠷᠡᠭᠯᠡᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠬᠤ᠂ ᠬᠠᠳᠠᠭᠠᠯᠠᠬᠤ᠂ ᠬᠡᠷᠡᠭᠯᠡᠬᠦ ᠳᠤᠮᠳᠠᠬᠢ ᠲᠤᠭ᠎ᠠ ᠪᠠᠷᠢᠮᠲᠠ ᠶᠢᠨ ᠠᠮᠤᠷ ᠲᠦᠪᠰᠢᠨ ᠵᠢᠴᠢ ᠦᠢᠯᠡᠴᠢᠯᠡᠭᠡᠨ ᠤ ᠵᠠᠷᠤᠳᠠᠯ ᠢ ᠵᠦᠢ ᠵᠣᠬᠢᠰᠲᠠᠢ ᠲᠣᠭᠲᠠᠭᠠᠬᠤ ᠵᠡᠷᠭᠡ ᠱᠠᠭᠠᠷᠳᠠᠯᠭ᠎ᠠ ᠶᠢ ᠴᠢᠬᠤᠯᠠᠴᠢᠯᠠᠪᠠ᠃      ᠰᠢᠨ᠎ᠡ ᠬᠡᠪᠯᠡᠯ ᠤᠨ ᠪᠠᠷᠢᠮᠵᠢᠶ᠎ᠠ ᠳᠤ᠂ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠭᠤᠣᠯ ᠴᠣᠭᠴᠠ ᠶᠢᠨ ᠭᠤᠪᠢᠭᠤᠯᠵᠤ ᠬᠦᠷᠭᠡᠬᠦ ᠦᠢᠯᠡᠴᠢᠯᠡᠭᠡᠨ ᠤ ᠬᠡᠷᠡᠭᠯᠡᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠬᠤ ᠳᠤ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ᠂ ᠢᠯᠡᠭᠡᠬᠦ ᠵᠦᠢᠯ ︵ᠭᠥᠯᠢᠶᠡᠨ ᠠᠪᠬᠤ ᠵᠦᠢᠯ︶ ᠤᠨ ᠬᠠᠶ᠋ᠢᠭ᠂ ᠭᠤᠪᠢᠭᠤᠯᠵᠤ ᠬᠦᠷᠭᠡᠬᠦ ᠡᠳ᠋ ᠪᠣᠳᠠᠰ ᠤᠨ ᠮᠡᠳᠡᠭᠡ ᠵᠠᠩᠭᠢ᠂ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠵᠡᠷᠭᠡ ᠶᠢ ᠪᠠᠭᠲᠠᠭᠠᠭᠰᠠᠨ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠵᠣᠷᠢᠯᠭ᠎ᠠ ᠶᠢ ᠪᠡᠶᠡᠯᠡᠭᠦᠯᠬᠦ ᠬᠠᠮᠤᠭ ᠤᠨ ᠪᠠᠭ᠎ᠠ ᠬᠡᠪᠴᠢᠶᠡᠨ ᠳᠤ ᠬᠢᠵᠠᠭᠠᠷᠯᠠᠵᠤ᠂ ᠬᠡᠷᠡᠭᠯᠡᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢ ᠬᠡᠲᠦᠷᠡᠲᠡᠯ᠎ᠡ ᠴᠤᠭᠯᠠᠭᠤᠯᠵᠤ ᠪᠤᠯᠬᠤ ᠦᠭᠡᠢ᠃ ᠲᠦᠷᠭᠡᠨ ᠬᠦᠷᠭᠡᠯᠲᠡ ᠶᠢᠨ ᠡᠯᠧᠺᠲᠷᠣᠨ ᠲᠡᠭᠡᠭᠡᠪᠦᠷᠢ ᠶᠢᠨ ᠬᠠᠭᠤᠳᠠᠰᠤ ᠨᠢ ᠬᠤᠪᠢ ᠶᠢᠨ ᠨᠢᠭᠤᠴᠠ ᠶᠢᠨ ᠬᠠᠭᠤᠳᠠᠰᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠠᠪᠴᠤ ᠬᠡᠷᠡᠭᠯᠡᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠡᠷᠡᠭᠲᠡᠢ ᠭᠡᠵᠦ ᠲᠣᠭᠲᠠᠭᠠᠪᠠ᠃      ᠵᠢᠮᠢᠰ ᠮᠠᠯ ᠵᠢᠭᠦᠷᠲᠡᠨ ᠤ ᠮᠢᠬ᠎ᠠ ᠤᠰᠤᠨ ᠭᠠᠷᠤᠯᠲᠠ ᠶᠢ 4 ᠳᠠᠪᠬᠤᠷ ᠠᠴᠠ ᠳᠡᠭᠡᠭᠰᠢ ᠪᠣᠭᠤᠳᠠᠯᠯᠠᠵᠤ ᠪᠤᠯᠬᠤ ᠦᠭᠡᠢ      4 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ︽ᠲᠠᠸᠠᠷ ᠢ ᠬᠡᠲᠦᠷᠡᠲᠡᠯ᠎ᠡ ᠪᠣᠭᠤᠳᠠᠯᠯᠠᠬᠤ   ᠶᠢ ᠬᠢᠵᠠᠭᠠᠷᠯᠠᠵᠤ ᠲᠠᠷᠢᠶᠠᠯᠠᠩ ᠤᠨ ᠪᠦᠲᠦᠭᠡᠭᠳᠡᠬᠦᠨ ᠢ ᠲᠦᠭᠦᠬᠡᠢ ᠰᠣᠷᠭᠤᠭ ᠢᠶᠠᠷ ᠨᠢ ᠢᠳᠡᠬᠦ ᠶᠢ ᠱᠠᠭᠠᠷᠳᠠᠬᠤ︾︵GB43284 - 2023︶ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠳᠤ᠂ ᠢᠳᠡᠰᠢᠨ ᠨᠣᠭᠤᠭ᠎ᠠ︵ᠢᠳᠡᠭᠡᠨ ᠤ ᠮᠥᠭᠦ ᠪᠠᠭᠲᠠᠨ᠎ᠠ︶᠂ ᠵᠢᠮᠢᠰ᠂ ᠮᠠᠯ ᠵᠢᠭᠦᠷᠲᠡᠨ ᠤ ᠮᠢᠬ᠎ᠠ᠂ ᠤᠰᠤᠨ ᠭᠠᠷᠤᠯᠲᠠ ᠪᠠ ᠥᠨᠳᠡᠭᠡ ᠵᠡᠷᠭᠡ ᠲᠠᠪᠤᠨ ᠶᠡᠭᠡ ᠲᠥᠷᠥᠯ ᠤᠨ ᠲᠦᠭᠦᠬᠡᠢ ᠰᠢᠨ᠎ᠡ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠢ ᠬᠡᠲᠦᠷᠡᠲᠡᠯ᠎ᠡ ᠪᠣᠭᠤᠳᠠᠯᠯᠠᠭᠰᠠᠨ ᠡᠰᠡᠬᠦ ᠶᠢᠨ ᠮᠡᠷᠭᠡᠵᠢᠯ ᠤᠨ ᠭᠦᠢᠴᠡᠳᠬᠡᠯ ᠲᠤᠭ᠎ᠠ ᠪᠠ ᠮᠠᠭᠠᠳᠯᠠᠨ ᠲᠣᠭᠲᠠᠭᠠᠬᠤ ᠠᠷᠭ᠎ᠠ ᠶᠢ ᠲᠣᠳᠣᠷᠬᠠᠢ ᠲᠣᠭᠲᠠᠭᠠᠪᠠ᠃      ᠲᠣᠰ ᠪᠠᠷᠢᠮᠵᠢᠶ᠎ᠠ ᠳᠤ ᠢᠳᠡᠰᠢᠨ ᠨᠣᠭᠤᠭ᠎ᠠ︵ᠢᠳᠡᠭᠡᠨ ᠤ ᠮᠥᠭᠦ ᠶᠢ ᠪᠠᠭᠲᠠᠭᠠᠨ᠎ᠠ︶ᠪᠣᠯᠣᠨ ᠥᠨᠳᠡᠭᠡ ᠶᠢ 3 ᠳᠠᠪᠬᠤᠷ ᠠᠴᠠ ᠬᠡᠲᠦᠷᠡᠭᠦᠯᠵᠦ ᠪᠣᠭᠤᠳᠠᠯᠯᠠᠵᠤ ᠪᠤᠯᠬᠤ ᠦᠭᠡᠢ᠂ ᠵᠢᠮᠢᠰ᠂ ᠮᠠᠯ ᠵᠢᠭᠦᠷᠲᠡᠨ ᠤ ᠮᠢᠬ᠎ᠠ᠂ ᠤᠰᠤᠨ ᠭᠠᠷᠤᠯᠲᠠ ᠶᠢ 4 ᠳᠠᠪᠬᠤᠷ ᠠᠴᠠ ᠬᠡᠲᠦᠷᠡᠭᠦᠯᠵᠦ ᠪᠣᠭᠤᠳᠠᠯᠯᠠᠵᠤ ᠪᠤᠯᠬᠤ ᠦᠭᠡᠢ ᠭᠡᠵᠦ ᠲᠣᠭᠲᠠᠭᠠᠵᠠᠢ᠃ ᠡᠭᠦᠨ ᠤ ᠵᠡᠷᠭᠡ ᠪᠠᠷ᠂︽ᠪᠣᠷᠤᠯᠠᠭᠤᠯᠭ᠎ᠠ ᠶᠢᠨ ᠪᠣᠭᠤᠳᠠᠯ︾ᠭᠡᠬᠦ ᠲᠣᠮᠢᠶᠠᠯᠠᠯ ᠳᠤ ︽ᠪᠠᠷᠠᠭᠠᠨ ᠤ ᠭᠦᠢᠯᠭᠡᠭᠡᠨ ᠤ ᠬᠠᠮᠠᠭᠠᠯᠠᠯᠲᠠ ᠶᠢᠨ ᠪᠣᠭᠤᠳᠠᠯ ᠵᠢᠴᠢ ᠬᠥᠷᠥᠭᠡᠬᠦ᠂ ᠬᠡᠢ ᠪᠡᠶᠡᠲᠦ ᠶᠢᠨ ᠲᠣᠬᠢᠷᠠᠭᠤᠯᠤᠯᠲᠠ᠂ ᠴᠢᠭᠢᠭᠲᠦᠬᠦ ᠠᠴᠠ ᠰᠡᠷᠭᠡᠶᠢᠯᠡᠬᠦ ᠵᠡᠷᠭᠡ ᠰᠢᠨ᠎ᠡ ᠰᠣᠷᠭᠤᠭ ᠪᠠᠶᠢᠯᠭᠠᠬᠤ ᠪᠠ ᠠᠮᠢᠳᠤ ᠪᠠᠶᠢᠯᠭᠠᠬᠤ ᠴᠢᠳᠠᠮᠵᠢ ᠶᠢᠨ ᠴᠢᠨᠠᠷᠲᠠᠢ   ᠬᠡᠷᠡᠭᠯᠡᠭᠡᠨ ᠤ ᠵᠦᠢᠯ ᠢ  ᠪᠠᠭᠲᠠᠭᠠᠬᠤ ᠦᠭᠡᠢ︾ ᠭᠡᠵᠦ ᠣᠨᠴᠠᠭᠠᠶᠢᠯᠠᠨ ᠲᠣᠳᠣᠷᠬᠠᠶᠢᠯᠠᠪᠠ᠃      ᠲᠥᠪ ᠤᠨ ᠨᠥᠭᠡᠴᠡ ᠶᠢᠨ ᠬᠥᠪᠥᠩ ᠳᠤ ᠬᠠᠭᠤᠷᠮᠠᠭ ᠶᠠᠭᠤᠮ᠎ᠠ ᠬᠤᠯᠢᠵᠤ ᠪᠤᠯᠬᠤ ᠦᠭᠡᠢ      ︽ᠲᠥᠪ ᠤᠨ ᠨᠥᠭᠡᠴᠡ ᠶᠢᠨ ᠬᠥᠪᠥᠩ ᠤᠨ ᠬᠠᠮᠢᠶᠠᠷᠤᠯᠲᠠ ᠶᠢᠨ ᠠᠷᠭ᠎ᠠ︾ ᠶᠢ 4 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃      ᠠᠷᠭ᠎ᠠ ᠳᠤ᠂ ᠲᠥᠪ ᠤᠨ ᠨᠥᠭᠡᠴᠡ ᠶᠢᠨ ᠬᠥᠪᠥᠩ ᠢ ᠡᠭᠡᠯᠵᠢᠯᠡᠨ ᠰᠣᠯᠢᠬᠤ᠂ ᠬᠤᠷᠢᠶᠠᠨ ᠬᠠᠳᠠᠭᠠᠯᠠᠬᠤ᠂ ᠬᠡᠷᠡᠭᠯᠡᠬᠦ ᠳᠤ ᠲᠥᠯᠥᠪᠯᠡᠭᠡᠲᠦ ᠬᠠᠮᠢᠶᠠᠷᠤᠯᠲᠠ ᠶᠢ ᠬᠡᠷᠡᠭᠵᠢᠭᠦᠯᠵᠦ᠂ ᠶᠠᠮᠠᠷᠪᠠ ᠨᠢᠭᠡᠴᠢ ᠪᠠ ᠬᠤᠪᠢ ᠬᠥᠮᠥᠨ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠬᠡᠷᠡᠭᠯᠡᠵᠦ ᠪᠤᠯᠬᠤ ᠦᠭᠡᠢ᠂ ᠡᠵᠡᠯᠡᠨ ᠠᠪᠴᠤ᠂ ᠡᠪᠳᠡᠨ᠂ ᠨᠡᠭᠦᠯᠭᠡᠨ ᠬᠡᠷᠡᠭᠯᠡᠵᠦ ᠪᠤᠯᠬᠤ ᠦᠭᠡᠢ᠃ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠪᠦᠯᠦᠭᠯᠡᠯ ᠪᠣᠯᠣᠨ ᠳᠠᠭᠠᠭᠠᠨ ᠨᠥᠭᠡᠴᠡᠯᠡᠬᠦ ᠠᠵᠤ ᠠᠬᠤᠶᠢᠯᠠᠯ ᠲᠥᠪ ᠤᠨ ᠨᠥᠭᠡᠴᠡ ᠶᠢᠨ ᠬᠥᠪᠥᠩ ᠬᠠᠳᠠᠭᠠᠯᠠᠬᠤ ᠬᠥᠮᠥᠷᠭᠡ ᠶᠢᠨ ᠴᠡᠭ ᠢ ᠳᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠭᠡᠢ᠂ ᠲᠥᠪ ᠤᠨ ᠨᠥᠭᠡᠴᠡ ᠶᠢᠨ ᠬᠥᠪᠥᠩ ᠤᠨ ᠲᠤᠭ᠎ᠠ ᠬᠡᠮᠵᠢᠶ᠎ᠡ ᠶᠢ ᠬᠤᠳᠠᠯ ᠢᠶᠠᠷ ᠮᠡᠳᠡᠭᠦᠯᠬᠦ ᠪᠤᠶᠤ ᠮᠡᠳᠡᠭᠦᠯᠬᠦ ᠦᠭᠡᠢ ᠪᠠᠶᠢᠵᠤ ᠪᠤᠯᠬᠤ ᠦᠭᠡᠢ᠂ ᠲᠥᠪ ᠤᠨ ᠨᠥᠭᠡᠴᠡ ᠶᠢᠨ ᠬᠥᠪᠥᠩ ᠤᠨ ᠲᠦᠷᠦᠯ ᠵᠦᠢᠯ ᠢ ᠳᠤᠷ᠎ᠠ ᠪᠠᠷ ᠢᠶᠠᠨ ᠰᠣᠯᠢᠯᠴᠠᠵᠤ ᠪᠤᠯᠬᠤ ᠦᠭᠡᠢ᠂ ᠲᠥᠪ ᠤᠨ ᠨᠥᠭᠡᠴᠡ ᠶᠢᠨ ᠬᠥᠪᠥᠩ ᠳᠤ ᠬᠠᠭᠤᠷᠮᠠᠭ ᠶᠠᠭᠤᠮ᠎ᠠ ᠬᠤᠯᠢᠵᠤ᠂ ᠮᠠᠭᠤ ᠪᠠᠷ ᠰᠠᠶᠢᠨ ᠢ ᠣᠷᠣᠯᠠᠭᠤᠯᠵᠤ ᠪᠤᠯᠬᠤ ᠦᠭᠡᠢ᠂ ᠲᠥᠪ ᠤᠨ ᠨᠥᠭᠡᠴᠡ ᠶᠢᠨ ᠬᠥᠪᠥᠩ ᠢ ᠬᠥᠮᠥᠷᠭᠡ ᠳᠤ ᠣᠷᠣᠭᠤᠯᠬᠤ ᠵᠡᠷᠭᠡ ᠶᠢ ᠵᠣᠷᠢᠭᠤᠳᠠ ᠤᠳᠠᠭᠠᠰᠢᠷᠠᠭᠤᠯᠵᠤ ᠪᠤᠯᠬᠤ ᠦᠭᠡᠢ ᠭᠡᠵᠦ ᠳᠤᠷᠠᠳᠪᠠ᠃      ᠴᠠᠭᠢᠯᠭᠠᠨ ᠡᠨᠧᠷᠭᠢ ᠶᠢᠨ ᠴᠢᠨᠠᠷ ᠴᠢᠨᠰᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ      ︽ᠴᠠᠭᠢᠯᠭᠠᠨ ᠡᠨᠧᠷᠭᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾ ᠶᠢ 4 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃      ᠠᠷᠭ᠎ᠠ ᠳᠤ᠂ ᠴᠠᠭᠢᠯᠭᠠᠨ ᠲᠣᠣᠷ ᠤᠨ ᠠᠵᠤ ᠠᠬᠤᠶᠢᠯᠠᠯ ᠤᠳ ᠰᠢᠨ᠎ᠡ ᠡᠨᠧᠷᠭᠢ ᠶᠢᠨ ᠲᠠᠯᠠᠪᠤᠷ ᠥᠷᠲᠡᠭᠡ ᠪᠠ ᠲᠣᠣᠷ ᠴᠡᠭ᠂ 10 ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠬᠠᠷᠰᠢᠯᠠᠯ ᠤᠨ ᠡᠬᠢ ᠰᠤᠷᠪᠤᠯᠵᠢ ᠲᠠᠢ ᠬᠡᠷᠡᠭᠯᠡᠭᠴᠢ ᠶᠢᠨ ᠣᠯᠠᠨ ᠨᠡᠶᠢᠲᠡ ᠶᠢᠨ ᠵᠠᠯᠭᠠᠯᠲᠠ ᠶᠢᠨ ᠴᠡᠭ ᠤᠨ ᠴᠠᠭᠢᠯᠭᠠᠨ ᠡᠨᠧᠷᠭᠢ ᠶᠢᠨ ᠶᠠᠰᠤ ᠴᠢᠨᠠᠷ ᠤᠨ ᠠᠰᠠᠭᠤᠳᠠᠯ ᠤᠨ ᠲᠤᠬᠠᠢ ᠵᠠᠳᠠᠯᠤᠯᠲᠠ ᠪᠠᠨ ᠴᠢᠩᠭᠠᠳᠬᠠᠪᠠᠯ ᠵᠣᠬᠢᠨ᠎ᠠ᠃ ᠴᠠᠭᠢᠯᠭᠠᠨ ᠭᠠᠷᠭᠠᠬᠤ ᠠᠵᠤ ᠠᠬᠤᠶᠢᠯᠠᠯ ᠪᠤᠶᠤ ᠴᠠᠭᠢᠯᠭᠠᠨ ᠬᠦᠴᠦᠨ ᠤ ᠬᠡᠷᠡᠭᠯᠡᠭᠴᠢᠳ ᠴᠠᠭᠢᠯᠭᠠᠨ ᠡᠨᠧᠷᠭᠢ ᠶᠢᠨ ᠶᠠᠰᠤ ᠴᠢᠨᠠᠷ ᠢ ᠨᠥᠯᠥᠭᠡᠯᠡᠬᠦ ᠪᠤᠶᠤ ᠴᠠᠭᠢᠯᠭᠠᠨ ᠬᠦᠴᠦᠨ ᠤ ᠰᠢᠰᠲ᠋ᠧᠮ ᠤᠨ ᠠᠶᠤᠯᠭᠦᠢ ᠠᠵᠢᠯᠯᠠᠬᠤ ᠶᠢ ᠬᠠᠷᠰᠢᠯᠠᠬᠤ ᠦᠶ᠎ᠡ ᠳᠤ᠂ ᠴᠠᠭᠢᠯᠭᠠᠨ ᠭᠠᠷᠭᠠᠬᠤ ᠠᠵᠤ ᠠᠬᠤᠶᠢᠯᠠᠯ ᠪᠤᠶᠤ ᠴᠠᠭᠢᠯᠭᠠᠨ ᠬᠦᠴᠦᠨ ᠤ ᠬᠡᠷᠡᠭᠯᠡᠭᠴᠢᠳ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠲᠡᠭᠦᠨ ᠢ ᠠᠷᠢᠯᠭᠠᠪᠠᠯ ᠵᠣᠬᠢᠨ᠎ᠠ ᠭᠡᠵᠦ ᠳᠤᠷᠠᠳᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号