ᠦᠴᠦᠸᠠᠨ ᠰᠢᠶᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 22 ᠤᠨ ᠡᠳᠦᠷ᠂ 24 ᠳ᠋ᠦ᠋ᠭᠡᠷ ᠳᠡᠯᠡᠬᠡᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠵᠠᠬ᠎ᠠ ᠳᠡᠯᠭᠡᠭᠦᠷ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ᠂ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠠᠮᠲᠤᠷᠠᠯᠴᠠᠭᠠᠨ ᠤ ᠬᠤᠯᠪᠣᠭᠠᠲᠤ ᠬᠤᠷᠰᠢᠶ᠎ᠠ ᠵᠡᠷᠭᠡ ᠣᠯᠠᠨ ᠰᠠᠯᠠᠭ᠎ᠠ ᠮᠥᠴᠢᠷ ᠤᠨ ᠳᠠᠭᠠᠭᠠᠨ ᠡᠷᠭᠢᠯᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠰᠢᠨ᠎ᠡ ᠳᠡᠯᠡᠬᠡᠢ ᠠᠭᠤᠳᠠᠮ ᠲᠠᠯᠠᠪᠠᠶ ᠳᠤ ᠶᠠᠪᠤᠭᠳᠠᠪᠠ᠂ ᠡᠨᠡ ᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠭᠤᠣᠯ ᠰᠡᠳᠦᠪ ᠨᠢ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠯᠠᠷᠢᠭᠤᠯᠤᠨ ᠬᠡᠷᠡᠭᠯᠡᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠣᠯᠣᠨ᠎ᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠳᠡᠯᠭᠡᠨ ᠦᠵᠡᠭᠦᠯᠬᠦ ᠰᠠᠮᠪᠠᠷ᠎ᠠ ᠲᠣᠬᠢᠷᠠᠭᠤᠯᠬᠤ᠂ ᠬᠥᠨᠳᠡᠯᠡᠨ ᠪᠢᠴᠢᠭᠡᠰᠦ ᠡᠯᠭᠦᠬᠦ᠂ ᠯᠠᠪᠯᠠᠯᠲᠠ ᠶᠢᠨ ᠬᠠᠪᠰᠤᠷᠤᠯᠭ᠎ᠠ ᠬᠠᠩᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠵᠣᠬᠢᠶᠠᠯ ᠪᠦᠲᠦᠭᠡᠯ ᠤᠨ ᠡᠷᠬᠡ᠂ ᠡᠭᠦᠳᠦᠯᠲᠡ ᠶᠢᠨ ᠲᠤᠰᠬᠠᠢ ᠠᠰᠢᠭ ᠤᠨ ᠡᠷᠬᠡ᠂ ᠲᠠᠸᠠᠷ ᠤᠨ ᠲᠡᠮᠳᠡᠭᠲᠦ ᠶᠢ ᠬᠡᠷᠡᠭᠯᠡᠬᠦ ᠡᠷᠬᠡ ᠵᠡᠷᠭᠡ ᠠᠰᠠᠭᠤᠳᠠᠯ ᠤᠨ ᠲᠤᠬᠠᠢ ᠤᠯᠠᠨ ᠲᠦᠮᠡᠨ ᠤ ᠠᠰᠠᠭᠤᠯᠲᠠ ᠳᠤ ᠬᠠᠷᠢᠭᠤᠯᠲᠠ ᠥᠭᠬᠦ ᠶᠢᠨ ᠬᠠᠮᠲᠤ ︽ᠲᠠᠸᠠᠷ ᠤᠨ ᠲᠡᠮᠳᠡᠭᠲᠦ ᠶᠢᠨ ᠬᠠᠤᠯᠢ︾᠂ ︽ᠲᠤᠰᠬᠠᠢ ᠠᠰᠢᠭ ᠤᠨ ᠬᠠᠤᠯᠢ︾᠂ ︽ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ︾᠂ ︽ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ︾ ᠵᠡᠷᠭᠡ ᠡᠯ᠎ᠡ ᠲᠦᠷᠦᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠮᠢᠩᠭ᠎ᠠ ᠭᠠᠷᠤᠢ ᠬᠤᠪᠢ ᠲᠠᠷᠬᠠᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠴᠢᠬᠤᠯᠠ ᠴᠢᠨᠠᠷ ᠤᠨ ᠲᠤᠬᠠᠢ ᠤᠯᠠᠨ ᠲᠦᠮᠡᠨ ᠤ ᠲᠠᠨᠢᠯᠲᠠ ᠶᠢ ᠦᠨᠡᠨ ᠬᠦ ᠴᠢᠩᠭᠠᠳᠬᠠᠪᠠ᠃      ᠦᠴᠦᠸᠠᠨ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠡᠬᠢᠯᠡᠯᠲᠡ ᠶᠢᠨ ᠶᠣᠰᠣᠯᠠᠯ ᠢᠶᠠᠷ ᠠᠵᠠ ᠲᠣᠬᠢᠶᠠᠯ ᠪᠣᠯᠭᠠᠵᠤ᠂ ᠬᠡᠪᠯᠡᠯ ᠤᠨ ᠡᠷᠬᠡ ᠶᠢᠨ ᠬᠠᠤᠯᠢ ᠳᠦᠷᠢᠮ ᠤᠨ ᠲᠡᠭᠦᠯᠳᠡᠷᠵᠢᠯ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ ᠡᠯ᠎ᠡ ᠲᠦᠷᠦᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠪᠯᠡᠯ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠤᠨ ᠲᠦᠪᠰᠢᠨ ᠪᠣᠯᠣᠨ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ︽ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ᠂ ᠡᠷᠬᠡ ᠲᠡᠭᠰᠢ ᠪᠠᠷ ᠥᠷᠢᠰᠦᠯᠳᠦᠬᠦ︾ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠨ᠎ᠠ᠃ ︵ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号