ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠡᠷᠬᠢᠯᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2024/4/23
     ᠦᠴᠦᠸᠠᠨ ᠰᠢᠶᠠᠨ ᠤ ᠬᠢᠨ ᠵᠠᠬ᠎ᠠ ᠳᠡᠯᠭᠡᠭᠦᠷ ᠤᠨ ᠭᠤᠣᠯ ᠴᠣᠭᠴᠠ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠲᠤᠰᠬᠠᠢ ᠣᠷᠣᠨ ᠡᠷᠬᠢᠯᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠦᠢᠯᠡᠰ ᠪᠣᠰᠬᠠᠬᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ︽ᠣᠷᠣᠬᠤ ᠶᠢ ᠵᠥᠪᠰᠢᠶᠡᠷᠡᠬᠦ︾ ᠠᠴᠠ ︽ᠤᠬᠤᠷᠢᠨ ᠭᠠᠷᠬᠤ︾ ᠬᠦᠷᠲᠡᠯᠡᠬᠢ ᠪᠦᠬᠦ ᠦᠶᠡᠯᠡᠯ ᠤᠨ ᠬᠤᠭᠤᠴᠠᠭᠠᠨ ᠤ ᠥᠨᠳᠥᠷ ᠪᠦᠲᠦᠮᠵᠢᠲᠡᠢ ᠳᠠᠩᠰᠠᠯᠠᠬᠤ ᠦᠢᠯᠡᠴᠢᠯᠡᠭᠡ ᠬᠠᠩᠭᠠᠨ᠎ᠠ᠃      ︽ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ︾ ᠲᠠᠯ᠎ᠠ ᠪᠠᠷ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠣᠰ ᠱᠤᠭᠤᠮ ᠢ ᠠᠭᠤᠰᠤᠯᠴᠠᠭᠤᠯᠤᠨ ᠬᠠᠷᠢᠯᠴᠠᠨ ᠨᠥᠬᠦᠪᠦᠷᠢᠯᠡᠬᠦ ᠵᠠᠭᠪᠤᠷ ᠢ ᠪᠠᠶᠢᠭᠤᠯᠵᠤ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠵᠦᠢᠯᠡᠰ ᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠲᠦᠰᠢᠭᠯᠡᠨ᠂ ︽ᠦᠨᠡᠮᠯᠡᠯ᠂ ᠲᠠᠮᠠᠭ᠎ᠠ᠂ ᠭᠠᠶᠢᠯᠢ᠂ ᠮᠥᠩᠭᠦ᠂ ᠳᠠᠭᠠᠳᠬᠠᠯ᠂ ᠡᠮᠨᠡᠯᠭᠡ︾ ᠵᠡᠷᠭᠡ ᠲᠤᠭ᠎ᠠ ᠪᠠᠷᠢᠮᠲᠠ ᠶᠢ ᠨᠢᠭᠡ ᠯᠡ ᠤᠳᠠᠭ᠎ᠠ ᠳᠤ ᠴᠤᠭᠯᠠᠭᠤᠯᠵᠤ᠂ ᠲᠥᠪᠯᠡᠷᠡᠭᠦᠯᠦᠨ ᠭᠦᠢᠴᠡᠳᠬᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠠᠭᠤᠰᠤᠯᠴᠠᠯ ᠢ ᠪᠡᠶᠡᠯᠡᠭᠦᠯᠪᠡ᠃ ᠡᠭᠦᠨ ᠤ ᠬᠠᠮᠲᠤ᠂ ᠠᠵᠤ ᠠᠬᠤᠶᠢᠯᠠᠯ ᠪᠠᠶᠢᠭᠤᠯᠬᠤ ᠳᠠᠩᠰᠠᠯᠠᠯᠲᠠ᠂ ᠠᠯᠪᠠᠨ ᠲᠠᠮᠠᠭ᠎ᠠ ᠰᠡᠶᠢᠯᠦᠨ ᠦᠢᠯᠡᠳᠬᠦ᠂ ᠪᠠᠷᠢᠮᠲᠠ ᠭᠤᠶᠤᠴᠢᠯᠠᠨ ᠠᠪᠬᠤ᠂ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠬᠤ ᠵᠡᠷᠭᠡ ᠵᠦᠢᠯᠡᠰ ᠢ ᠪᠦᠬᠦᠨ ᠢ ᠰᠦᠯᠵᠢᠶᠡᠨ ᠭᠠᠳᠠᠨᠠᠬᠢ ᠠᠵᠤ ᠠᠬᠤᠶᠢᠯᠠᠯ ᠡᠷᠭᠢᠯᠡᠬᠦ ᠲᠤᠰᠬᠠᠢ ᠲᠣᠭᠤᠷᠢᠭ ᠲᠤ ᠣᠷᠣᠭᠤᠯᠤᠨ ︽ᠨᠢᠭᠡ ᠯᠡ ᠥᠷᠲᠡᠭᠡᠨ ᠤ ᠮᠠᠶ᠋ᠢᠭ︾ ᠢᠶᠠᠷ ᠭᠦᠢᠴᠡᠳᠬᠡᠵᠦ᠂ ᠠᠵᠤ ᠠᠬᠤᠶᠢᠯᠠᠯ ᠡᠷᠭᠢᠯᠡᠬᠦ ᠳᠤ ︽ᠨᠢᠭᠡ ᠯᠡ ᠡᠭᠦᠳᠡ ᠳᠤ ᠣᠷᠣᠭᠤᠯᠵᠤ᠂ ᠨᠢᠭᠡ ᠯᠡ ᠴᠣᠩᠬᠤᠨ ᠳᠤ ᠲᠠᠭᠠᠷᠠᠭᠤᠯᠬᠤ︾ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠲᠤᠶᠢᠯ ᠤᠨ ᠶᠡᠭᠡ ᠳᠥᠭᠦᠮ ᠦᠵᠡᠭᠦᠯᠪᠡ᠃      ︽ᠤᠬᠤᠷᠢᠨ ᠭᠠᠷᠬᠤ︾ ᠲᠠᠯ᠎ᠠ ᠪᠠᠷ᠂ ᠦᠴᠦᠸᠠᠨ ᠰᠢᠶᠠᠨ ᠤ ᠬᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠦᠨ ᠦᠭᠡᠢ ᠪᠣᠯᠭᠠᠬᠤ ᠶᠢᠨ ︽ᠬᠦᠴᠢᠷ ᠠᠰᠠᠭᠤᠳᠠᠯ︾ ︽ᠡᠪᠡᠷᠰᠢᠶᠡᠯ ᠲᠠᠢ ᠭᠠᠵᠠᠷ︾ ︽ᠲᠦᠭᠵᠢᠷᠡᠯ ᠲᠠᠢ ᠭᠠᠵᠠᠷ︾  ᠲᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠤᠬᠤᠷᠢᠨ ᠭᠠᠷᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠬᠤᠷᠢᠨ ᠭᠠᠷᠬᠤ ᠥᠪᠡᠷ ᠤᠨ ᠥᠷᠲᠡᠭ ᠢ ᠪᠠᠭᠤᠷᠠᠭᠤᠯᠤᠨ᠂ ᠵᠠᠬ᠎ᠠ ᠳᠡᠯᠭᠡᠭᠦᠷ ᠤᠨ ︽ᠰᠢᠨ᠎ᠡ ᠬᠠᠭᠤᠴᠢᠨ ᠤ ᠰᠣᠯᠢᠯᠴᠠᠭ᠎ᠠ︾ ᠶᠢ ᠠᠬᠢᠭᠤᠯᠵᠤ᠂ ︽ᠭᠡᠷᠡᠴᠢ ᠦᠨᠡᠮᠯᠡᠯ ᠢ ᠵᠡᠷᠭᠡᠪᠡᠷ ᠬᠦᠴᠦᠨ ᠦᠭᠡᠢ ᠪᠣᠯᠭᠠᠬᠤ︾ ᠪᠠ ︽ᠨᠢᠭᠡ ᠯᠡ ᠳᠡᠯᠭᠡᠴᠡ ᠪᠠᠷ︾ ᠬᠦᠴᠦᠨ ᠦᠭᠡᠢ ᠪᠣᠯᠭᠠᠬᠤ ᠶᠢ ᠶᠡᠭᠡ ᠪᠠᠷ ᠳᠡᠯᠭᠡᠷᠡᠭᠦᠯᠪᠡ᠃      ᠲᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠷᠠᠳ ᠣᠯᠠᠨ ᠤ ᠬᠦᠰᠡᠯ ᠱᠠᠭᠠᠷᠳᠠᠯᠭ᠎ᠠ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠪᠠᠷ ᠨᠢᠭᠡᠳᠦᠭᠡᠷ ᠳᠣᠬᠢᠶ᠎ᠠ ᠪᠣᠯᠭᠠᠵᠤ᠂ ︽ᠴᠠᠭ ᠲᠤᠬᠠᠢ  ᠳᠤᠨᠢ ᠭᠦᠢᠴᠡᠳᠬᠡᠬᠦ᠂ ᠳᠠᠷᠤᠢ ᠳᠤᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠪᠠᠷ ᠭᠠᠷᠳᠠᠴᠠ ᠪᠣᠯᠭᠠᠨ᠂ ᠥᠨᠳᠥᠷ ᠪᠦᠲᠦᠮᠵᠢᠲᠡᠶ᠂ ᠳᠥᠭᠦᠮ ᠳᠥᠲᠡ᠂ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号