ᠦᠴᠦᠸᠠᠨ ᠰᠢᠶᠠᠨ 2024 ᠣᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/23
     ᠡᠨᠡ ᠬᠦ ᠬᠠᠪᠤᠷ ᠤᠨ ᠦᠵᠡᠮᠵᠢ ᠳᠤ᠂ ᠬᠥᠬᠡᠮᠳᠦᠭ ᠠᠭᠤᠯᠠ ᠮᠥᠩᠬᠡ ᠨᠣᠭᠤᠭᠠᠷᠠᠵᠤ᠂ ᠪᠠᠰᠠ ᠨᠢᠭᠡ ᠵᠢᠯ ᠤᠨ ᠲᠤᠷᠰᠢ ᠮᠣᠳᠣ ᠳᠠᠷᠢᠵᠤ ᠨᠣᠭᠤᠭᠠᠷᠠᠭᠤᠯᠬᠤ ᠰᠠᠶᠢᠬᠠᠨ ᠴᠠᠭ ᠪᠣᠯᠣᠯ᠎ᠠ᠃ 4 ᠰᠠᠷ᠎ᠠ ᠶᠢᠨ 21 ᠤ ᠡᠳᠦᠷ᠂ ᠦᠴᠦᠸᠠᠨ ᠰᠢᠶᠠᠨ ᠨᠠᠨᠱᠠᠨ ᠤ ᠤᠮᠠᠷᠠᠲᠤ ᠸᠧᠢ ᠤᠯᠤᠰ ᠤᠨ ᠠᠮᠢ ᠠᠬᠤᠢ ᠶᠢᠨ ᠬᠦᠷᠢᠶᠡᠯᠡᠩ ᠳᠤ ︽ᠠᠯᠪᠠᠨ ᠵᠢᠷᠤᠮ ᠤᠨ ᠮᠣᠳᠣ ᠳᠠᠷᠢᠵᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠶ᠎ᠠ︾ ᠭᠡᠬᠦ ᠭᠤᠣᠯ ᠰᠡᠳᠦᠪᠲᠦ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠶ᠋ᠧ ᠴᠢᠦᠢ ᠫᠢᠩ ᠵᠡᠷᠭᠡ ᠰᠢᠶᠠᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠪᠣᠯᠣᠨ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠺᠠᠳ᠋ᠷ ᠠᠵᠢᠯᠲᠠᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠳᠤ ᠣᠷᠣᠯᠴᠠᠪᠠ᠃
     ᠶᠠᠭ ᠰᠠᠶᠢᠬᠠᠨ ᠬᠠᠪᠤᠷ ᠤᠨ ᠠᠭᠤᠷ ᠠᠮᠢᠰᠬᠤᠯ ᠢᠶᠠᠷ ᠪᠢᠯᠬᠠᠮ᠎ᠠ ᠰᠠᠶᠢᠬᠠᠨ ᠴᠠᠭ ᠮᠥᠴᠡ ᠳᠤ᠂ ᠡᠪᠡᠰᠦ ᠮᠣᠳᠣ ᠠᠮᠢᠯᠠᠨ ᠰᠡᠷᠭᠦᠵᠦ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠢᠯᠡᠷᠡᠵᠡᠢ᠃ ᠤᠯᠠᠨ ᠢᠶᠠᠷ ᠢᠶᠠᠨ ᠳᠤᠭᠤᠶᠢᠯᠠᠩ ᠬᠤᠪᠢᠶᠠᠨ ᠬᠥᠳᠡᠯᠦᠯᠴᠡᠵᠦ᠂ ᠵᠤᠯᠵᠠᠭ᠎ᠠ ᠮᠣᠳᠣ ᠶᠢ ᠵᠥᠭᠡᠭᠡᠪᠦᠷᠢᠯᠡᠵᠦ᠂ ᠨᠦᠬᠡ ᠮᠠᠯᠲᠠᠵᠤ᠂ ᠰᠢᠷᠣᠢ ᠪᠥᠭᠯᠡᠵᠦ᠂ ᠤᠰᠤ ᠤᠰᠤᠯᠠᠵᠤ᠂ ᠠᠵᠢᠯ ᠤᠨ ᠳᠠᠷᠠᠭᠠᠯᠠᠯ ᠨᠢᠭᠡᠪᠦᠷᠢ ᠶᠢ ᠥᠴᠥᠬᠡᠨ ᠴᠦ ᠠᠯᠳᠠᠯ ᠦᠭᠡᠢ ᠪᠠᠷ ᠪᠡᠶᠡᠯᠡᠭᠦᠯᠵᠦ᠂ ᠨᠢᠭᠡ ᠰᠠᠭᠤᠷᠢ ᠰᠠᠭᠤᠷᠢ ᠵᠤᠯᠵᠠᠭ᠎ᠠ ᠮᠣᠳᠣ ᠲᠠᠷᠢᠪᠠ᠃
     ᠣᠶᠢᠯᠠᠭᠠᠭᠰᠠᠨ ᠢᠶᠠᠷ᠂ ᠦᠴᠦᠸᠠᠨ ᠰᠢᠶᠠᠨ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠥᠷᠨᠢᠭᠦᠯᠵᠦ᠂ ᠳᠠᠷᠢᠬᠤ ᠬᠡᠪᠴᠢᠶ᠎ᠡ ᠨᠢ ᠵᠢᠯ ᠳᠠᠷᠠᠭᠠᠯᠠᠨ ᠪᠤᠵᠠᠭᠠᠶᠢᠷᠠᠵᠤ᠂ ᠡᠨᠡ ᠵᠢᠯ ᠨᠡᠶᠢᠲᠡ 560 ᠭᠠᠷᠤᠢ ᠺᠠᠳ᠋ᠷ ᠣᠯᠠᠨ ᠲᠦᠮᠡᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ᠂ ᠨᠡᠶᠢᠲᠡ 2600 ᠭᠠᠷᠤᠢ ᠵᠤᠯᠵᠠᠭ᠎ᠠ ᠮᠣᠳᠣ ᠳᠠᠷᠢᠭᠰᠠᠨ ᠪᠠᠶᠢᠨ᠎ᠠ᠃
     ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠣᠯ ᠳᠠᠷᠤᠢ ᠳᠠᠪᠠᠭᠤᠯᠢᠭ ᠲᠠᠯ᠎ᠠ ᠶᠢ ᠨᠡᠮᠡᠭᠳᠡᠭᠦᠯᠵᠦ ᠪᠠᠶᠢᠭ᠎ᠠ ᠶᠠᠪᠤᠳᠠᠯ ᠮᠥᠨ᠂ ᠮᠣᠳᠣ ᠳᠠᠷᠢᠬᠤ ᠪᠣᠯ ᠳᠠᠷᠤᠢ ᠢᠷᠡᠭᠡᠳᠦᠢ ᠪᠠᠨ ᠴᠣᠭᠴᠠᠯᠠᠵᠤ ᠪᠠᠶᠢᠭ᠎ᠠ ᠶᠠᠪᠤᠳᠠᠯ ᠮᠥᠨ᠃ ᠲᠤᠰ ᠤᠳᠠᠭ᠎ᠠ ᠶᠢᠨ ᠠᠵᠢᠯᠯᠠᠭ᠎ᠠ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠴᠢᠨᠠᠭᠰᠢᠳᠠ ᠲᠤᠭᠤᠰᠢᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠪᠣᠯᠬᠤ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠪᠦᠬᠦ ᠠᠷᠠᠳ ᠢᠶᠠᠷ ᠢᠶᠠᠨ ᠤᠢ ᠮᠣᠳᠣ ᠲᠡᠷᠢᠵᠦ ᠨᠣᠭᠤᠭᠠᠷᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠬᠠᠮᠲᠤ ᠪᠦᠬᠦ ᠠᠷᠠᠳ ᠢᠶᠠᠷ ᠢᠶᠠᠨ ᠢᠳᠡᠪᠬᠢᠲᠡᠢ ᠬᠥᠳᠡᠯᠦᠯᠴᠡᠵᠦ᠂ ᠠᠯᠪᠠᠨ ᠵᠢᠷᠤᠮ ᠤᠨ ᠮᠣᠳᠣ ᠲᠡᠷᠢᠬᠤ ᠠᠵᠢᠯᠯᠠᠭ᠎ᠠ᠂ ᠮᠣᠳᠣ ᠲᠡᠷᠢᠵᠦ ᠣᠶᠢᠵᠢᠭᠤᠯᠬᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠳᠤ ᠢᠳᠡᠪᠬᠢᠲᠡᠢ ᠣᠷᠣᠯᠴᠠᠵᠤ᠂ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠵᠦ᠂ ᠪᠣᠬᠢᠷᠲᠤᠯ ᠦᠭᠡᠢ ᠭᠡᠷ ᠣᠷᠣᠨ ᠢ ᠬᠠᠮᠲᠤᠪᠠᠷ ᠪᠦᠲᠦᠭᠡᠨ ᠪᠠᠶᠢᠭᠤᠯᠬᠤ ᠶᠢ ᠤᠷᠢᠶᠠᠯᠠᠬᠤ ᠶᠢᠨ ᠲᠥᠯᠥᠭᠡ ᠶᠤᠮ᠃
     ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠨᠢᠭᠡ ᠰᠠᠭᠤᠷᠢ ᠰᠠᠭᠤᠷᠢ ᠵᠤᠯᠵᠠᠭ᠎ᠠ ᠮᠣᠳᠣ ᠰᠠᠯᠬᠢᠨ ᠤ ᠠᠶ᠎ᠠ ᠪᠠᠷ ᠰᠦᠨᠳᠡᠷᠯᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠠᠶᠢᠨ ᠰᠠᠶᠢᠬᠠᠨ ᠦᠵᠡᠮᠵᠢ ᠪᠠᠶᠢᠳᠠᠯ ᠢᠯᠡᠷᠡᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号