ᠬᠠᠳᠠ ᠦᠴᠦᠸᠠᠨ ᠰᠢᠶᠠᠨ ᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/4/24
4 ᠰᠠᠷ᠎ᠠ ᠶᠢᠨ 22 ᠤᠨ ᠡᠳᠦᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠢᠴᠢ ᠣᠳᠣᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠬᠢᠨᠠᠨ ᠵᠢᠯᠣᠭᠤᠳᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠼᠦᠢ ᠵᠧᠨ ᠬᠤᠸᠠ ᠵᠢᠴᠢ ᠬᠥᠬᠡ ᠡᠷᠭᠢ ᠪᠠᠯᠭᠠᠰᠤ᠂ ᠤᠯᠤᠰ ᠤᠨ ᠨᠤᠲᠤᠭ ᠳᠡᠪᠢᠰᠬᠡᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃      ᠬᠠᠳᠠ ᠨᠠᠷ ᠤᠷᠢᠳ ᠬᠤᠵᠢᠳ ᠥᠪᠥᠷ ᠮᠣᠩᠭᠤᠯ ᠤᠨ ᠶᠢᠨ ᠼᠤᠤ ᠶᠤᠸᠠᠨ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠵᠢᠶᠠᠨ ᠪᠦᠦ ᠮᠥ᠋ᠩ ᠬᠤᠨᠴᠢᠷ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠶᠧ ᠲᠠᠢ ᠨᠦᠸ᠋ᠸ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠤ᠋ ᠶᠤᠸᠠᠨ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠴᠦᠸᠠᠨ ᠰᠢᠶᠠᠨ ᠤ ᠬᠤᠩ ᠳ᠋ᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠢᠦᠢ ᠿᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠦᠢᠯᠡᠳᠪᠦᠷᠢᠯᠡᠯ ᠤᠨ ᠲᠠᠰᠤᠭ ᠪᠣᠯᠣᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠦᠢᠯᠡᠳᠪᠦᠷᠢᠯᠡᠯ ᠡᠵᠡᠩᠨᠡᠯᠲᠡ᠂ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠪᠠᠷᠢᠯᠭ᠎ᠠ ᠶᠢᠨ ᠠᠵᠢᠯ ᠤᠨ ᠨᠢᠭᠡᠴᠢ ᠶᠢ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠪᠠᠷᠢᠯᠭ᠎ᠠ ᠶᠢᠨ ᠶᠠᠰᠤ ᠴᠢᠨᠠᠷ ᠪᠣᠯᠣᠨ ᠠᠮᠤᠷ ᠲᠦᠪᠰᠢᠨ ᠲᠣᠭᠲᠠᠭᠤᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠠᠭ ᠤᠨ ᠳᠠᠷᠠᠭᠠᠯᠠᠯ ᠤᠨ ᠠᠬᠢᠴᠠ ᠪᠠᠷ ᠲᠦᠷᠭᠡᠳᠬᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃      ᠬᠠᠳᠠ ᠡᠯ᠎ᠡ ᠠᠵᠤ ᠠᠬᠤᠶᠢᠯᠠᠯ ᠤᠨ ᠬᠢᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠵᠦ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠲᠣᠭᠲᠠᠭᠰᠠᠨ ᠬᠠᠷᠠᠯᠲᠠ ᠪᠠᠨ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠣᠯᠣᠯᠴᠠᠭ᠎ᠠ ᠵᠣᠯᠭᠠᠯᠴᠠᠭ᠎ᠠ ᠶᠢ ᠰᠠᠶᠢᠲᠤᠷ ᠬᠢᠵᠦ᠂ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠪᠣᠯᠣᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠦᠨᠡᠨᠬᠦ ᠰᠠᠶᠢᠨ ᠰᠠᠶᠢᠬᠠᠨ ᠨᠥᠬᠦᠴᠡᠯ ᠪᠣᠯᠣᠨ ᠬᠠᠮᠤᠭ ᠤᠨ ᠰᠢᠯᠢᠳᠡᠭ ᠣᠷᠴᠢᠨ ᠲᠣᠭᠤᠷᠢᠨ ᠢ ᠡᠭᠦᠳᠴᠦ᠂ ᠠᠵᠤ ᠠᠬᠤᠶᠢᠯᠠᠯ ᠤᠨ ᠴᠢᠳᠠᠪᠤᠷᠢ ᠪᠠᠨ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠭᠡᠵᠦ ᠱᠠᠭᠠᠷᠳᠠᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号