ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠶᠢᠰᠦᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/4/24
     4 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠶᠢᠰᠦᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠨ ᠬᠤᠷᠠᠯᠳᠤᠭᠤᠯᠪᠠ᠃      ︽ᠨᠣᠮ ᠤᠩᠰᠢᠬᠤ ᠠᠩᠭᠢ ᠳᠤ᠂ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ︽ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ︾ ᠭᠡᠰᠡᠨ ᠨᠡᠷ᠎ᠡ ᠬᠠᠳᠠᠭᠰᠠᠨ ᠵᠣᠬᠢᠶᠠᠯ ᠢ ᠤᠯᠠᠮᠵᠢᠯᠠᠨ ᠰᠤᠷᠤᠯᠴᠠᠵᠤ᠂ ᠼᠠᠢ ᠴᠢ᠂ ᠯᠢ ᠰᠢ ᠨᠥᠬᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠤᠯᠠᠮᠵᠢᠯᠠᠨ ᠰᠤᠷᠤᠯᠴᠠᠪᠠ᠃      ᠬᠠᠳᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠰᠤᠷᠤᠯᠴᠠᠯᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠢᠯᠠᠩᠭᠤᠶ᠎ᠠ ᠤᠳᠤᠷᠢᠳᠬᠤ ᠪᠠᠭ ᠤᠨ ᠪᠦᠷᠢᠯᠳᠦᠭᠦᠨ ᠨᠦᠭᠦᠳ ᠰᠠᠶᠢᠲᠤᠷ ᠳᠠᠭᠠᠭᠤᠯᠵᠤ᠂ ᠥᠪᠡᠷ ᠢ ᠪᠠᠨ ᠪᠠᠭᠲᠠᠭᠠᠨ ᠣᠷᠣᠭᠤᠯᠵᠤ᠂ ᠠᠵᠢᠯ ᠢᠶᠠᠨ ᠪᠠᠭᠲᠠᠭᠠᠨ ᠣᠷᠣᠭᠤᠯᠵᠤ᠂ ᠲᠣᠭᠲᠠᠭᠠᠭᠰᠠᠨ ᠠᠵᠢᠯᠯᠠᠭ᠎ᠠ ᠶᠢ ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾᠂ ᠬᠥᠬᠡᠬᠤᠲᠠ ᠶᠢᠨ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠵᠢᠴᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠣᠳᠣᠷᠬᠠᠢ ᠲᠣᠭᠲᠠᠭᠠᠭᠰᠠᠨ ᠪᠣᠳᠠᠲᠠᠢ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠲᠤᠰ ᠪᠡᠶ᠎ᠡ ᠶᠢᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号