ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/24
     4 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠦᠴᠦᠸᠠᠨ ᠰᠢᠶᠠᠨ ᠤ 2024 - 2025 ᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠦᠪᠵᠢᠭᠦᠯᠭᠡ︾ ᠶᠢ ᠬᠢᠨᠠᠨ ᠵᠥᠪᠯᠡᠵᠦ᠂ ᠪᠦᠬᠦ ᠰᠢᠶᠠᠨ ᠢᠶᠠᠷ ᠢᠶᠠᠨ ᠰᠢᠶᠠᠨ ᠤ ᠬᠡᠪᠴᠢᠶᠡᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢᠶᠠᠨ ᠤ ᠬᠡᠪᠴᠢᠶᠡᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠨᠠᠰᠤᠵᠢᠯ ᠤᠨ ᠦᠢᠯᠡᠰ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠵᠦ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠴᠦᠸᠠᠨ ᠤ ᠪᠣᠳᠠᠲᠤ ᠪᠠᠶᠢᠳᠠᠯ ᠳᠤ ᠨᠡᠶᠢᠴᠡᠭᠰᠡᠨ᠂ ᠦᠴᠦᠸᠠᠨ ᠤ ᠣᠨᠴᠠᠯᠢᠭ ᠲᠠᠢ ᠴᠢᠨᠠᠷ ᠰᠠᠶᠢᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠠᠷᠭ᠎ᠠ ᠵᠠᠮ ᠢ ᠴᠢᠷᠮᠠᠶᠢᠨ ᠨᠡᠭᠡᠭᠡᠵᠦ᠂ ᠪᠦᠬᠦ ᠬᠤᠳᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠦᠴᠦᠸᠠᠨ ᠤ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ᠃ ᠤᠤᠯ ᠤᠨ ᠰᠡᠳᠬᠢᠬᠦᠢ ᠶᠢᠨ ᠲᠣᠭᠲᠠᠭᠰᠠᠨ ᠬᠡᠯᠪᠡᠷᠢ ᠶᠢ ᠡᠪᠳᠡᠵᠦ᠂ ᠠᠵᠢᠯ ᠤᠨ ᠪᠦᠲᠦᠭᠡᠯᠴᠢ ᠴᠢᠨᠠᠷ ᠬᠥᠲᠥᠯᠥᠨ ᠳᠠᠭᠠᠭᠤᠯᠬᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠭᠦᠨᠵᠡᠭᠡᠢ ᠡᠵᠡᠮᠳᠡᠵᠦ᠂ ᠠᠵᠢᠯ ᠤᠨ ᠰᠡᠳᠬᠢᠴᠡ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠨᠠᠰᠤᠲᠠᠶᠢᠴᠤᠳ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号