10 ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠨᠡᠶᠢᠲᠡᠯᠡᠵᠦ ᠬᠢᠯᠢ ᠶᠢᠨ ᠭᠠᠳᠠᠨᠠᠬᠢ ᠪᠠᠶᠢᠭᠤᠯᠤᠮᠵᠢ ᠠᠴᠠ ᠬᠢᠯᠢ ᠶᠢᠨ ᠳᠣᠲᠣᠷᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠳᠤ ᠪᠡᠯᠡ ᠣᠷᠣᠭᠤᠯᠬᠤ ᠶᠢ ᠴᠢᠨᠠᠭᠰᠢᠳᠠ ᠳᠡᠮᠵᠢᠪᠡ
ᠨᠡᠶᠢᠲᠡᠯᠡᠭᠰᠡᠨ ᠴᠠᠭ᠄
2024/4/24
     ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 10 ᠰᠠᠯᠠᠭ᠎ᠠ ᠮᠥᠴᠢᠷ ᠣᠶᠢᠷ᠎ᠠ ᠳᠤ ᠬᠠᠮᠲᠤᠷᠠᠨ ᠲᠣᠭᠲᠠᠭᠠᠭᠰᠠᠨ ︽ᠬᠢᠯᠢ ᠶᠢᠨ ᠭᠠᠳᠠᠨᠠᠬᠢ ᠪᠠᠶᠢᠭᠤᠯᠤᠮᠵᠢ ᠠᠴᠠ ᠬᠢᠯᠢ ᠶᠢᠨ ᠳᠣᠲᠣᠷᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠳᠤ ᠪᠡᠯᠡ ᠣᠷᠣᠭᠤᠯᠬᠤ ᠶᠢ ᠴᠢᠨᠠᠭᠰᠢᠳᠠ ᠳᠡᠮᠵᠢᠬᠦ ᠲᠤᠬᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ 19 ᠤ ᠡᠳᠦᠷ ᠨᠡᠶᠢᠲᠡᠯᠡᠪᠡ᠃      ᠬᠤᠳᠠᠯᠳᠤᠭᠠᠨ ᠤ ᠶᠠᠪᠤᠳᠠᠯ ᠤᠨ ᠶᠠᠮᠤᠨ ᠤ ᠡᠳ᠋ ᠤᠨ ᠶᠠᠪᠤᠳᠠᠯ ᠤᠨ ᠵᠤᠷᠭᠠᠨ ᠤ ᠬᠠᠷᠢᠭᠤᠴᠠᠯᠭᠠᠲᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠳᠤ ᠥᠷᠭᠡᠨ ᠠᠭᠤᠳᠠᠮ ᠬᠥᠭᠵᠢᠯᠲᠡ ᠶᠢᠨ ᠠᠵᠠ ᠲᠣᠭᠢᠶᠠᠯ ᠲᠣᠬᠢᠶᠠᠵᠤ᠂ ᠨᠡᠩ ᠶᠡᠭᠡ ᠡᠷᠴᠢᠮ ᠲᠠᠢ᠂ ᠨᠡᠩ ᠤᠯᠠᠨ ᠲᠡᠰ ᠳᠠᠪᠬᠤᠷᠭ᠎ᠠ ᠲᠠᠢ᠂ ᠨᠡᠩ ᠥᠷᠭᠡᠨ ᠠᠷᠭ᠎ᠠ ᠵᠠᠮ ᠢᠶᠠᠷ ᠪᠡᠯᠡ ᠬᠤᠷᠠᠮᠳᠤᠭᠤᠯᠬᠤ ᠱᠠᠭᠠᠷᠳᠠᠯᠭ᠎ᠠ ᠴᠤ ᠤᠯᠠᠮ ᠴᠢᠨᠠᠭᠰᠢᠳᠠ ᠳᠡᠭᠡᠭᠰᠢᠯᠡᠪᠡ᠃ ᠡᠨᠡ ᠬᠦ ᠠᠬᠤᠢ ᠪᠠᠶᠢᠳᠠᠯ ᠳᠣᠣᠷ᠎ᠠ᠂ ᠬᠤᠳᠠᠯᠳᠤᠭᠠᠨ ᠤ ᠶᠠᠪᠤᠳᠠᠯ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠰᠡᠳᠦᠪᠲᠦ ᠰᠤᠳᠤᠯᠭᠠᠨ ᠪᠠ ᠪᠠᠶᠢᠴᠠᠭᠠᠨ ᠰᠤᠳᠤᠯᠤᠯᠲᠠ ᠬᠢᠵᠦ᠂ ᠠᠵᠢᠯ ᠲᠥᠷᠥᠯ ᠤᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠳᠤᠷᠠᠳᠴᠤ᠂ ᠡᠳᠦᠢ ᠲᠡᠳᠦᠢ ᠠᠷᠭ᠎ᠠ ᠬᠡᠮᠵᠢᠶ᠎ᠡ ᠶᠢ ᠪᠦᠷᠢᠯᠳᠦᠭᠦᠯᠵᠡᠢ ᠭᠡᠵᠦ ᠢᠯᠡᠳᠬᠡᠪᠡ᠃      ᠠᠷᠭ᠎ᠠ ᠬᠡᠮᠵᠢᠶ᠎ᠡ ᠨᠦᠭᠦᠳ ᠨᠢ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠣᠨᠴᠠᠯᠢᠭ ᠪᠠ ᠬᠢᠯᠢ ᠶᠢᠨ ᠳᠣᠲᠣᠷᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠬᠦ᠂ ᠪᠡᠯᠡ ᠬᠤᠷᠠᠮᠳᠤᠭᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ᠂ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ᠂ ᠤᠬᠤᠷᠢᠨ ᠭᠠᠷᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ 4 ᠲᠠᠯ᠎ᠠ ᠶᠢᠨ 16 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠪᠠ᠃      ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ᠂ ᠠᠷᠭ᠎ᠠ ᠬᠡᠮᠵᠢᠶ᠎ᠡ ᠨᠦᠭᠦᠳ ᠲᠤ᠂ ᠬᠢᠷᠢ ᠲᠡᠩᠴᠡᠭᠰᠡᠨ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠪᠡᠯᠡ ᠣᠷᠣᠭᠤᠯᠤᠭᠴᠢ ︵QFII︶ ᠵᠢᠴᠢ ᠠᠷᠠᠳ ᠤᠨ ᠵᠣᠭᠤᠰ ᠤᠨ ᠬᠢᠷᠢ ᠲᠡᠩᠴᠡᠭᠰᠡᠨ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠪᠡᠯᠡ ᠣᠷᠣᠭᠤᠯᠤᠭᠴᠢ ︵RQFII︶ ᠶᠢᠨ ᠬᠢᠷᠢ ᠭᠡᠮ ᠤᠨ ᠭᠤᠶᠤᠴᠢᠯᠠᠯ ᠢ ᠬᠠᠤᠯᠢ ᠶᠣᠰᠣᠭᠠᠷ ᠥᠨᠳᠥᠷ ᠪᠦᠲᠦᠮᠵᠢᠲᠡᠶ ᠪᠠᠷ ᠬᠢᠨᠠᠨ ᠵᠥᠪᠰᠢᠶᠡᠷᠡᠨ᠎ᠡ᠃ ᠬᠢᠯᠢ ᠶᠢᠨ ᠭᠠᠳᠠᠨᠠᠬᠢ ᠪᠠᠶᠢᠭᠤᠯᠤᠮᠵᠢ ᠬᠢᠷᠢ ᠲᠡᠩᠴᠡᠭᠰᠡᠨ ᠬᠢᠯᠢ ᠶᠢᠨ ᠭᠠᠳᠠᠨᠠᠬᠢ ᠬᠢᠵᠠᠭᠠᠷᠲᠤ ᠬᠤᠷᠰᠢᠭᠴᠢ︵QFLP︶ ᠶᠢᠨ ᠠᠷᠭ᠎ᠠ ᠮᠠᠶ᠋ᠢᠭ ᠢᠶᠠᠷ ᠳᠠᠮᠵᠢᠨ ᠬᠢᠯᠢ ᠶᠢᠨ ᠳᠣᠲᠣᠷᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠳᠤ ᠪᠡᠯᠡ ᠣᠷᠣᠭᠤᠯᠬᠤ ᠶᠢ ᠳᠡᠮᠵᠢᠨ᠎ᠡ᠃ ᠬᠢᠯᠢ ᠶᠢᠨ ᠭᠠᠳᠠᠨᠠᠬᠢ ᠪᠠᠶᠢᠭᠤᠯᠤᠮᠵᠢ ᠬᠢᠯᠢ ᠶᠢᠨ ᠳᠣᠲᠣᠷ᠎ᠠ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ︵ᠠᠵᠤ ᠠᠬᠤᠶᠢᠯᠠᠯ︶ ᠪᠠᠶᠢᠭᠤᠯᠬᠤ ᠳᠤ᠂ ᠳᠣᠲᠣᠭᠠᠳᠤ ᠪᠡᠯᠡ ᠶᠢᠨ ᠦᠢᠯᠡᠰ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ︵ᠠᠵᠤ ᠠᠬᠤᠶᠢᠯᠠᠯ︶ ᠯᠦᠭᠡ ᠠᠳᠠᠯᠢ ᠣᠯᠭᠤᠮᠵᠢ ᠬᠦᠷᠲᠡᠭᠡᠨ᠎ᠡ ᠭᠡᠵᠦ ᠳᠤᠷᠠᠳᠴᠠᠢ᠃      ᠪᠡᠯᠡ ᠬᠤᠷᠠᠮᠳᠤᠭᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ ᠲᠠᠯ᠎ᠠ ᠪᠠᠷ᠂ ᠠᠷᠭ᠎ᠠ ᠬᠡᠮᠵᠢᠶ᠎ᠡ ᠨᠦᠭᠦᠳ ᠲᠤ᠂ ᠨᠥᠬᠦᠴᠡᠯ ᠳᠤ ᠨᠡᠶᠢᠴᠡᠬᠦ ᠬᠢᠯᠢ ᠶᠢᠨ ᠭᠠᠳᠠᠨᠠᠬᠢ ᠪᠠᠶᠢᠭᠤᠯᠤᠮᠵᠢ ᠳᠤᠮᠳᠠᠳᠤ ᠤᠯᠤᠰ ᠲᠤ ᠠᠷᠠᠳ ᠤᠨ ᠵᠣᠭᠤᠰ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢᠨ ᠬᠠᠮᠲᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠷᠢᠶᠡᠨ ᠳᠤ ᠣᠷᠣᠭᠤᠯᠬᠤ ᠶᠢ ᠳᠡᠮᠵᠢᠨ᠎ᠠ᠃ ᠪᠦᠭᠦ ᠤᠯᠤᠰ ᠲᠤ ᠬᠢᠯᠢ ᠠᠯᠤᠰᠯᠠᠭᠰᠠᠨ ᠪᠡᠯᠡ ᠬᠤᠷᠠᠮᠳᠤᠭᠤᠯᠭ᠎ᠠ ᠶᠢ ᠳᠥᠭᠦᠮᠴᠢᠯᠡᠬᠦ ᠲᠤᠷᠰᠢᠯᠲᠠ ᠶᠢᠨ ᠴᠡᠭ ᠢ ᠳᠡᠯᠭᠡᠷᠡᠭᠦᠯᠵᠦ᠂ ᠠᠩᠬ᠎ᠠ ᠪᠠᠶᠢᠭᠤᠯᠤᠭᠰᠠᠨ ᠬᠤᠭᠤᠴᠠᠭᠠᠨ ᠳᠠᠭᠠᠨ ᠪᠠᠶᠢᠭ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠢ ᠲᠤᠷᠰᠢᠯᠲᠠ ᠶᠢᠨ ᠴᠡᠭ ᠤᠨ ᠭᠤᠣᠯ ᠴᠣᠭᠴᠠ ᠶᠢᠨ ᠬᠡᠪᠴᠢᠶᠡᠨ ᠳᠤ ᠣᠷᠣᠭᠤᠯᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠨᠢ ᠲᠤᠭ᠎ᠠ ᠬᠡᠮᠵᠢᠶᠡᠨ ᠤ ᠳᠣᠲᠣᠷ᠎ᠠ ᠪᠠᠨ ᠭᠠᠳᠠᠭᠠᠳᠤ ᠵᠢᠭᠡᠯᠡᠯᠭᠡ ᠶᠢ ᠡᠵᠡᠨ ᠮᠡᠳᠡᠨ ᠵᠢᠭᠡᠯᠡᠵᠦ ᠬᠡᠷᠡᠭᠯᠡᠬᠦ ᠶᠢ ᠵᠣᠷᠢᠬᠵᠢᠭᠤᠯᠤᠨ᠎ᠠ᠃ ᠬᠢᠯᠢ ᠶᠢᠨ ᠳᠣᠲᠣᠷᠠᠬᠢ ᠪᠠᠩᠬᠢ ᠬᠢᠭᠡᠳ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ︽ᠵᠢᠭᠡᠯᠡᠯᠭᠡ + ᠭᠠᠳᠠᠨ᠎ᠠ ᠠᠴᠠ ᠰᠢᠭᠤᠳ ᠪᠡᠯᠡ ᠣᠷᠣᠭᠤᠯᠬᠤ︾ ᠵᠡᠷᠭᠡ ᠲᠤᠬᠠᠶᠢᠯᠠᠭᠰᠠᠨ ᠠᠵᠢᠯ ᠤᠨ ᠵᠠᠭᠪᠤᠷ ᠢ ᠵᠢᠷᠤᠮᠵᠢᠭᠤᠯᠤᠨ ᠰᠦᠪᠡᠭᠴᠢᠯᠡᠨ᠎ᠡ ᠭᠡᠵᠦ ᠳᠤᠷᠠᠳᠴᠠᠢ᠃      ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠲᠠᠯ᠎ᠠ ᠪᠠᠷ᠂ ᠠᠷᠭ᠎ᠠ ᠬᠡᠮᠵᠢᠶ᠎ᠡ ᠨᠦᠭᠦᠳ ᠲᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠺᠸᠠᠨ᠋ᠲ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠮᠢᠳᠤ ᠪᠣᠳᠠᠰ ᠤᠨ ᠮᠡᠷᠭᠡᠵᠢᠯ᠂ ᠰᠢᠨ᠎ᠡ ᠡᠨᠧᠷᠭᠢ ᠪᠠ ᠢᠷᠡᠭᠡᠳᠦᠢ ᠶᠢᠨ ᠡᠨᠧᠷᠭᠢ᠂ ᠠᠵᠤ ᠦᠢᠯᠡᠳᠪᠦᠷᠢ ᠶᠢᠨ ᠰᠠᠭᠤᠷᠢ ᠮᠠᠰᠢᠨ᠂ ᠠᠭᠠᠷ ᠤᠨ ᠠᠶᠠᠯᠠᠯ ᠵᠢᠴᠢ ᠰᠠᠨᠰᠠᠷ ᠤᠨ ᠠᠶᠠᠯᠠᠯ ᠤᠨ ᠲᠣᠨᠣᠭᠯᠠᠯ᠂ ᠴᠠᠭᠢᠯᠭᠠᠨ ᠬᠦᠴᠦᠨ ᠤ ᠲᠣᠨᠣᠭᠯᠠᠯ᠂ ᠰᠢᠨ᠎ᠡ ᠮᠠᠲ᠋ᠧᠷᠢᠶᠠᠯ᠂ ᠭᠤᠣᠯᠯᠠᠬᠤ ᠰᠠᠭᠤᠷᠢ ᠰᠡᠯᠪᠢᠭ ᠲᠣᠨᠤᠭ ᠪᠠ ᠬᠡᠮᠵᠢᠭᠦᠷᠯᠢᠭ ᠵᠡᠷᠭᠡ ᠬᠦᠷᠢᠶ᠎ᠡ ᠪᠠ ᠴᠢᠭᠯᠡᠯ ᠳᠤ ᠬᠠᠨᠳᠤᠭᠤᠯᠤᠨ᠂ ᠡᠬᠡ ᠰᠠᠭᠤᠷᠢ ᠮᠥᠩᠭᠦ ᠪᠤᠶᠤ ᠲᠤᠰᠬᠠᠶᠢᠵᠢᠭᠰᠠᠨ ᠬᠤᠪᠢᠶᠠᠷᠢ ᠰᠠᠭᠤᠷᠢ ᠮᠥᠩᠭᠦ ᠪᠠᠶᠢᠭᠤᠯᠤᠨ᠎ᠠ᠃ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠪᠡᠯᠡ ᠣᠷᠣᠭᠤᠯᠤᠯᠲᠠ ᠶᠢ ᠣᠯᠣᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠨᠢ ᠬᠤᠯᠪᠣᠭᠳᠠᠯ ᠪᠦᠬᠦᠢ ᠤᠯᠤᠰ ᠤᠨ ᠠᠵᠤ ᠦᠢᠯᠡᠰ ᠤᠨ ᠬᠡᠯᠬᠢᠶ᠎ᠡ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠳᠡᠮᠵᠢᠨ᠎ᠠ ᠭᠡᠵᠦ ᠳᠤᠷᠠᠳᠴᠠᠢ᠃      ᠤᠬᠤᠷᠢᠨ ᠭᠠᠷᠬᠤ ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ᠂ ᠠᠷᠭ᠎ᠠ ᠬᠡᠮᠵᠢᠶ᠎ᠡ ᠨᠦᠭᠦᠳ ᠲᠤ᠂ ᠨᠥᠬᠦᠴᠡᠯ ᠳᠤ ᠨᠡᠶᠢᠴᠡᠬᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠵᠠᠬ᠎ᠠ ᠳᠡᠯᠭᠡᠭᠦᠷ ᠲᠤ ᠭᠠᠷᠴᠤ ᠳᠠᠩᠰᠠᠯᠠᠭᠤᠯᠬᠤ ᠶᠢ ᠬᠠᠤᠯᠢ ᠲᠣᠭᠲᠠᠭᠠᠯ ᠶᠣᠰᠣᠭᠠᠷ ᠲᠦᠷᠭᠡᠳᠭᠡᠨ᠎ᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠰᠢᠶᠠᠩᠭᠠᠩ ᠳᠤ ᠣᠴᠢᠵᠤ ᠵᠠᠬ᠎ᠠ ᠳᠡᠯᠭᠡᠭᠦᠷ ᠲᠤ ᠭᠠᠷᠬᠤ ᠶᠢ ᠲᠡᠮᠵᠢᠨ᠎ᠠ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠬᠤᠪᠢ ᠣᠷᠣᠭᠤᠯᠤᠯᠲᠠ᠂ ᠬᠠᠨᠳᠤᠯᠭ᠎ᠠ ᠲᠠᠢ ᠰᠢᠯᠵᠢᠭᠦᠯᠵᠦ ᠪᠤᠯᠬᠤ ᠵᠢᠭᠡᠯᠡᠯᠭᠡ ᠵᠡᠷᠭᠡ ᠣᠯᠠᠨ ᠵᠦᠢᠯ ᠤᠨ ᠲᠣᠭᠠᠴᠠᠭ᠎ᠠ ᠬᠢᠬᠦ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠢ ᠨᠡᠶᠢᠯᠡᠭᠦᠯᠦᠨ ᠬᠤᠳᠠᠯᠳᠤᠨ ᠠᠪᠬᠤ ᠶᠢ ᠳᠡᠮᠵᠢᠨ᠎ᠠ᠃ ︽ᠭᠠᠳᠠᠭᠠᠳᠤ ᠶᠢᠨ ᠪᠡᠯᠡ ᠣᠷᠣᠭᠤᠯᠤᠭᠴᠢᠳ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ᠂ ᠪᠡᠯᠡ ᠣᠷᠣᠭᠤᠯᠬᠤ ᠨᠥᠬᠦᠴᠡᠯ ᠢ ᠴᠢᠨᠠᠭᠰᠢᠳᠠ ᠠᠭᠤᠵᠢᠭᠤ ᠪᠣᠯᠭᠠᠨ᠎ᠠ ᠭᠡᠵᠦ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号