ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ
ᠨᠡᠶᠢᠲᠡᠯᠡᠭᠰᠡᠨ ᠴᠠᠭ᠄
2024/4/25
     4 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 132 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠤᠯᠤᠰ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠵᠢᠴᠢ ᠣᠷᠣᠨ ᠬᠤᠲᠠ ᠶᠢᠨ ᠬᠠᠮᠢᠶ᠎ᠠ ᠪᠦᠬᠦᠢ ᠴᠡᠭᠴᠡᠯᠡᠨ ᠰᠠᠶᠢᠵᠢᠷᠠᠭᠤᠯᠬᠤ ᠵᠣᠷᠢᠭ ᠰᠠᠨᠠᠭ᠎ᠠ ᠶᠢ ᠤᠯᠠᠮᠵᠢᠯᠠᠵᠤ᠂ ︽ᠤᠯᠤᠰ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠪᠣᠯᠬᠤ ᠦᠴᠦᠸᠠᠨ ᠰᠢᠶᠠᠨ ᠤ ᠴᠡᠭᠴᠡᠯᠡᠨ ᠥᠭᠡᠷᠡᠴᠢᠯᠡᠬᠦ ᠲᠥᠰᠥᠯ︾ ᠢ ᠬᠢᠨᠠᠨ ᠵᠥᠪᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭ᠎ᠠ ᠪᠦᠷᠢᠳᠬᠡᠯ ᠤᠨ ᠬᠠᠤᠯᠢ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠬᠢᠨᠠᠮᠠᠭᠠᠢ ᠰᠤᠷᠤᠯᠴᠠᠨ᠂ ᠤᠯᠤᠰ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢ ᠰᠠᠶᠢᠲᠤᠷ ᠠᠩᠬᠠᠷᠴᠤ᠂ ᠲᠣᠬᠢᠷᠠᠭᠤᠯᠤᠯᠲᠠ ᠶᠢ ᠴᠢᠩᠭᠠᠳᠬᠠᠨ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠣᠭᠲᠠᠴᠠ ᠶᠢ ᠪᠦᠷᠢᠨᠰᠢᠭᠦᠯᠦᠨ᠂ ᠲᠤᠰᠬᠠᠢ ᠵᠦᠢᠯ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号