ᠦᠴᠦᠸᠠᠨ ᠰᠢᠶᠠᠨ 4.23 ᠤ ᠳᠡᠯᠡᠬᠡᠢ ᠶᠢᠨ ᠨᠣᠮ ᠤᠩᠰᠢᠬᠤ ᠡᠳᠦᠷ ᠤᠨ ︽ᠤᠮᠠᠷᠠᠲᠤ ᠬᠢᠯᠢ ᠶᠢ ᠤᠩᠰᠢᠬᠤ︾ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠵᠢᠴᠢ ᠨᠣᠮ ᠤᠨ ᠰᠠᠩ ᠤᠨ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/4/25
     ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠤᠩᠰᠢᠯᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ ᠪᠦᠬᠦ ᠰᠢᠶᠠᠨ ᠳᠤ ᠭᠦᠨ ᠵᠤᠵᠠᠭᠠᠨ ᠤᠩᠰᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 2024 ᠣᠨ ᠤ 4.23 ᠤ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠦᠴᠦᠸᠠᠨ ᠰᠢᠶᠠᠨ ︽ᠤᠮᠠᠷᠠᠲᠤ ᠬᠢᠯᠢ ᠶᠢ ᠤᠩᠰᠢᠬᠤ︾ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠵᠢᠴᠢ ᠨᠣᠮ ᠤᠨ ᠰᠠᠩ ᠤᠨ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃      ᠠᠵᠢᠯᠯᠠᠭ᠎ᠠ ᠶᠢᠨ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠬᠤᠪᠢᠰᠬᠠᠯ ᠤᠨ ᠦᠯᠢᠭᠡᠷ ᠤᠨ ᠦᠷᠭᠦᠯᠵᠢᠯᠡᠭᠰᠡᠨ ᠵᠢᠷᠤᠭ ᠤᠨ ᠭᠤᠣᠯ ᠰᠡᠳᠦᠪᠲᠦ ᠦᠵᠡᠰᠬᠦᠯᠡᠩ᠂ ᠪᠦᠬᠦ ᠠᠷᠠᠳ ᠤᠨ ᠤᠩᠰᠢᠯᠭ᠎ᠠ ᠶᠢ ᠳᠡᠯᠭᠡᠷᠡᠭᠦᠯᠬᠦ ᠨᠡᠭᠦᠳᠡᠯ ᠦᠢᠯᠡᠴᠢᠯᠡᠭᠡ᠂ ᠲᠣᠮᠣ ᠨᠠᠶᠢᠵᠢ ᠨᠠᠷ ᠪᠠ ᠪᠢᠴᠢᠬᠠᠨ ᠨᠠᠶᠢᠵᠢ ᠨᠠᠷ ᠤᠨ ᠤᠷᠠᠨ ᠰᠠᠶᠢᠬᠠᠨ ᠤ ᠲᠣᠭᠯᠠᠯᠲᠠ ᠵᠡᠷᠭᠡ ᠨᠢ ᠲᠤᠬᠠᠢ ᠶᠢᠨ ᠲᠠᠯᠠᠪᠠᠢ ᠳᠤ ᠢᠷᠡᠭᠰᠡᠨ ᠤᠯᠠᠨ ᠲᠦᠮᠡᠨ ᠳᠤ ᠡᠯᠪᠡᠭ ᠪᠠᠶᠠᠯᠢᠭ ᠤᠩᠰᠢᠯᠭ᠎ᠠ ᠶᠢᠨ ᠡᠬᠢ ᠪᠠᠶᠠᠯᠢᠭ ᠪᠠ ᠭᠤᠶᠢᠳᠠ ᠰᠠᠶᠢᠬᠠᠨ ᠦᠵᠡᠵᠦ ᠰᠣᠨᠣᠰᠬᠤ ᠦᠪᠡᠳᠡᠭᠰᠢ ᠨᠠᠶᠢᠷ ᠢ ᠬᠦᠷᠭᠡᠪᠡ᠃ ᠨᠡᠩ ᠴᠤ ᠲᠤᠰ ᠨᠤᠲᠤᠭ ᠤᠨ ᠵᠣᠬᠢᠶᠠᠯᠴᠢ᠂ ᠥᠪᠥᠷ ᠮᠣᠩᠭᠤᠯ ᠤᠨ ᠵᠣᠬᠢᠶᠠᠯᠴᠢᠳ ᠤᠨ ᠡᠪᠯᠡᠯ ᠤᠨ ᠭᠡᠰᠢᠭᠦᠨ ᠬᠤ᠋ ᠭᠦᠸᠧ ᠳ᠋ᠦᠩ ᠵᠣᠬᠢᠶᠠᠨ ᠪᠦᠲᠦᠭᠡᠭᠰᠡᠨ ᠷᠣᠮᠠᠨ ︽ᠵᠢᠥᠸᠠᠢ ᠱᠧᠩ︾ ᠪᠠᠨ ᠲᠤᠬᠠᠢ ᠶᠢᠨ ᠲᠠᠯᠠᠪᠠᠢ ᠳᠤ ᠭᠠᠷ ᠤᠨ ᠦᠰᠦᠭ ᠵᠢᠷᠤᠵᠤ ᠬᠤᠳᠠᠯᠳᠤᠪᠠ᠂ ᠲᠤᠰ ᠨᠣᠮ ᠨᠢ ᠥᠪᠥᠷ ᠮᠣᠩᠭᠤᠯ ᠤᠨ ᠠᠷᠪᠠᠨ ᠭᠤᠷᠪᠠᠳᠤᠭᠠᠷ ᠬᠤᠭᠤᠴᠠᠭ᠎ᠠ᠂ ᠬᠥᠬᠡᠬᠤᠲᠠ ᠶᠢᠨ ᠠᠷᠪᠠᠳᠤᠭᠠᠷ ᠬᠤᠭᠤᠴᠠᠭᠠᠨ ᠤ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠢ ᠬᠦᠷᠲᠡᠵᠡᠢ᠃      ᠣᠶᠢᠯᠠᠭᠠᠭᠰᠠᠨ ᠢᠶᠠᠷ᠂ 4 ᠰᠠᠷ᠎ᠠ ᠶᠢᠨ 15 ᠠᠴᠠ 4 ᠰᠠᠷ᠎ᠠ ᠶᠢᠨ 30 ᠤ ᠡᠳᠦᠷ ᠪᠣᠯᠲᠠᠯ᠎ᠠ᠂ ᠦᠴᠦᠸᠠᠨ ᠰᠢᠶᠠᠨ ᠤ ᠬᠢᠨ ᠰᠦᠯᠵᠢᠶᠡᠨ ᠭᠠᠳᠠᠨᠠᠬᠢ ᠬᠤᠪᠢᠰᠬᠠᠯ ᠤᠨ ᠺᠢᠨᠣ᠋ ᠶᠢᠨ ᠦᠵᠡᠭᠦᠯᠦᠯᠭᠡ᠂ ᠨᠣᠮ ᠪᠢᠴᠢᠭ ᠤᠨ ᠦᠵᠡᠭᠦᠯᠦᠯᠭᠡ ᠪᠠ ᠨᠣᠮ ᠪᠢᠴᠢᠭ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠬᠦ ᠪᠠᠷ ᠪᠠᠶᠢᠨ᠎ᠠ᠂ ︽ᠴᠡᠷᠢᠭ ᠤᠨ ᠬᠤᠸᠠᠷᠠᠨ ᠳᠤ ᠤᠮᠠᠷᠠᠲᠤ ᠬᠢᠯᠢ ᠶᠢ ᠤᠩᠰᠢᠨ ᠬᠤᠪᠢᠶᠠᠯᠴᠠᠶ᠎ᠠ︾︱ ︽ᠳᠡᠯᠡᠬᠡᠢ ᠶᠢᠨ ᠨᠣᠮ ᠤᠩᠰᠢᠬᠤ ᠡᠳᠦᠷ︾ ᠤᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ᠂ ︽ᠤᠮᠠᠷᠠᠲᠤ ᠬᠢᠯᠢ ᠶᠢ ᠤᠩᠰᠢᠨ ᠬᠤᠪᠢᠶᠠᠯᠴᠠᠶ᠎ᠠ︾ ᠪᠢ ᠨᠠᠷᠠᠲᠤ ᠬᠥᠮᠥᠰ ᠲᠠᠢ ᠨᠢᠭᠤᠷᠳᠠᠵᠤ ᠪᠠᠶᠢᠨ᠎ᠠ︱ ᠦᠴᠦᠸᠠᠨ ᠰᠢᠶᠠᠨ ᠤ ᠤᠮᠠᠷᠠᠲᠤ ᠬᠢᠯᠢ ᠶᠢᠨ ᠰᠣᠶᠣᠯ ᠤᠳᠬ᠎ᠠ ᠵᠣᠬᠢᠶᠠᠯ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢᠨ ᠨᠠᠷᠠᠲᠤ ᠬᠥᠮᠥᠰ ᠤᠨ ᠲᠠᠶᠢᠯᠤᠮᠵᠢ ᠪᠠ ᠰᠣᠩᠭᠤᠳᠠᠭ ᠤᠩᠰᠢᠯᠭ᠎ᠠ ᠶᠢᠨ ᠴᠤᠭᠯᠠᠭᠠᠨ᠂ ᠨᠡᠭᠦᠳᠡᠯ ᠨᠣᠮ ᠪᠢᠴᠢᠭ ᠤᠨ ᠤᠩᠰᠢᠯᠭ᠎ᠠ ᠶᠢ ᠦᠨᠳᠦᠰᠦᠨ ᠱᠠᠲᠤᠨ ᠳᠤ ᠳᠡᠯᠭᠡᠷᠡᠭᠦᠯᠬᠦ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠠᠷ ᠪᠣᠶ᠃ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠠᠵᠢᠯᠯᠠᠭ᠎ᠠ ᠨᠤᠭᠤᠳ ᠨᠢ ︽ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ ᠳᠤᠷᠠᠲᠠᠢ᠂ ᠨᠣᠮ ᠤᠩᠰᠢᠬᠤ ᠳᠠᠭᠠᠨ ᠴᠢᠳᠠᠮᠠᠭᠠᠢ︾ ᠠᠭᠤᠷ ᠠᠮᠢᠰᠬᠤᠯ ᠢ ᠲᠤᠶᠢᠯ ᠤᠨ ᠶᠡᠭᠡ ᠪᠠᠷ ᠪᠣᠶ ᠪᠣᠯᠭᠠᠵᠤ᠂ ︽ᠤᠮᠠᠷᠠᠲᠤ ᠬᠢᠯᠢ ᠶᠢ ᠤᠩᠰᠢᠬᠤ︾ ᠶᠢᠨ ᠠᠵᠤ ᠠᠬᠤᠢ ᠨᠡᠶᠢᠭᠡᠮ ᠢ ᠨᠡᠪᠴᠢᠭᠦᠯᠬᠦ᠂ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠥᠷᠭᠡᠨ ᠣᠯᠠᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠰᠢᠨ᠎ᠡ ᠬᠦᠰᠡᠯ ᠡᠷᠡᠮᠡᠯᠵᠡᠯ ᠢ ᠤᠯᠠᠮ ᠨᠢᠭᠡ ᠠᠯᠬᠤᠮ ᠬᠠᠩᠭᠠᠬᠤ ᠳᠤ ᠬᠦᠴᠦᠨ ᠴᠢᠳᠠᠯ ᠢᠶᠠᠨ ᠡᠷᠭᠦᠪᠡ᠃ ︵ᠰᠤᠷᠪᠤᠯᠵᠢᠯᠠᠭᠴᠢ᠄ ᠵᠧᠦ ᠶᠠᠨ ᠵᠧᠨ ᠶᠤᠸᠠᠨ ᠪᠦᠥᠸ᠋︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号