ᠮᠠᠨ ᠤ ᠣᠷᠣᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/25
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ 3 ᠰᠠᠷ᠎ᠠ ᠶᠢᠨ 26 ᠤ ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠪᠦᠭᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃      ᠳᠤᠰ ︽ᠲᠥᠰᠥᠯ︾ ᠨᠢ ᠭᠤᠣᠯᠳᠠᠭᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠵᠡᠷᠭᠡ ᠭᠤᠷᠪᠠᠨ ᠶᠡᠭᠡ ᠬᠦᠷᠢᠶᠡᠨ ᠳᠤ ᠬᠤᠯᠪᠣᠭᠳᠠᠨ᠂ ᠠᠵᠢᠯ ᠲᠥᠷᠥᠯ ᠤᠨ ᠪᠡᠯᠡ ᠤᠷᠤᠭᠤᠯᠤᠯᠲᠠ ᠪᠡᠯᠡ ᠬᠤᠷᠠᠮᠳᠤᠭᠤᠯᠭ᠎ᠠ᠂ ᠪᠦᠲᠦᠭᠡᠨ ᠪᠠᠶᠢᠭᠤᠯᠤᠯᠲᠠ᠂ ᠠᠷᠠᠴᠢᠯᠠᠨ ᠬᠠᠮᠠᠭᠠᠯᠠᠯᠲᠠ᠂ ᠡᠵᠡᠩᠨᠡᠯᠲᠡ᠂ ᠬᠢᠨᠠᠨ ᠵᠥᠪᠰᠢᠶᠡᠷᠡᠯ᠂ ᠬᠠᠤᠯᠢ ᠬᠡᠷᠡᠭᠵᠢᠭᠦᠯᠦᠯᠲᠡ᠂ ᠰᠢᠨ᠎ᠡ ᠡᠵᠡᠩᠨᠡᠯᠲᠡ  ᠶᠢᠨ ᠭᠡᠯᠪᠡᠷᠢ ᠶᠢᠨ ᠬᠠᠮᠢᠶᠠᠷᠤᠯᠲᠠ ᠵᠡᠷᠭᠡ ᠠᠭᠤᠯᠭ᠎ᠠ ᠶᠢ ᠬᠠᠮᠤᠷᠴᠤ᠂ 10 ᠭᠤᠣᠯᠳᠠᠯᠭ᠎ᠠ ᠲᠠᠢ ᠡᠭᠦᠷᠭᠡ᠂ 26 ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠳᠤᠷᠠᠳᠴᠠᠢ᠃ ᠪᠦᠭᠦ ᠣᠷᠣᠨ ᠤ ᠡᠯ᠎ᠡ ᠭᠠᠵᠠᠷ ᠤᠨ ᠬᠢᠨ ᠤᠤᠯ ᠤᠨ ᠰᠠᠭᠤᠷᠢᠨ ᠳᠡᠭᠡᠷ᠎ᠡ ︽ᠲᠥᠰᠥᠯ︾ ᠶᠣᠰᠣᠭᠠᠷ ᠲᠡᠭᠡᠭᠡᠪᠦᠷᠢ ᠶᠢᠨ ᠠᠵᠤ ᠠᠬᠤᠶᠢᠯᠠᠯ ᠤᠨ ︽ᠨᠢᠭᠡ ᠶᠠᠪᠤᠳᠠᠯ︾ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︽ᠨᠢᠭᠡ ᠶᠠᠪᠤᠳᠠᠯ︾ ᠤᠨ ᠬᠤᠷᠠᠮᠠᠯ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠭᠠᠵᠠᠷ ᠰᠢᠷᠣᠢ ᠬᠡᠷᠡᠭᠯᠡᠬᠦ ᠬᠢᠨᠠᠨ ᠵᠥᠪᠰᠢᠶᠡᠷᠡᠯ᠂ ᠦᠶᠡᠷ ᠤᠰᠤᠳᠤᠯ ᠤᠨ ᠲᠤᠬᠠᠢ ᠦᠨᠡᠯᠡᠯᠲᠡ᠂ ᠣᠷᠴᠢᠨ ᠲᠣᠭᠤᠷᠢᠨ ᠤ ᠨᠥᠯᠥᠭᠡ ᠶᠢᠨ ᠦᠨᠡᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠵᠡᠷᠭᠡ ᠶᠢ ᠬᠤᠷᠠᠮᠠᠯ ᠰᠢᠰᠲ᠋ᠧᠮ ᠳᠤ ᠣᠷᠣᠭᠤᠯᠤᠨ ᠭᠦᠢᠴᠡᠳᠬᠡᠵᠦ᠂ ᠨᠢᠭᠡ ᠯᠡ ᠤᠳᠠᠭ᠎ᠠ ᠭᠤᠶᠤᠴᠢᠯᠠᠨ ᠨᠢᠭᠡ ᠯᠡ ᠤᠳᠠᠭ᠎ᠠ ᠪᠢᠴᠢᠭ ᠮᠠᠲ᠋ᠧᠷᠢᠶᠠᠯ ᠳᠠᠮᠵᠢᠭᠤᠯᠵᠤ᠂ ᠰᠠᠯᠠᠭ᠎ᠠ ᠮᠥᠴᠢᠷ ᠬᠠᠮᠲᠤᠷᠠᠨ ᠬᠢᠨᠠᠨ ᠵᠥᠪᠰᠢᠶᠡᠷᠡᠬᠦ ᠶᠢ ᠪᠡᠶᠡᠯᠡᠭᠦᠯᠪᠡ᠃ ᠪᠠᠰᠠ ᠵᠠᠮ ᠬᠠᠷᠢᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠠᠯᠢᠩ ᠮᠥᠩᠭᠦ ᠶᠢᠨ ᠥᠷᠢᠲᠦᠯ  ᠢ ᠦᠨᠳᠦᠰᠦᠨ ᠠᠴᠠ ᠨᠢ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 2023 ᠣᠨ ᠤ ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠤᠯᠭᠠᠬᠰᠠᠨ ᠤ ᠳᠠᠷᠠᠭᠠᠬᠢ ᠨᠥᠬᠦᠪᠦᠷᠢ ᠪᠡᠯᠡ ᠮᠥᠩᠭᠦ ᠪᠠ 2023 ᠣᠨ ᠤ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠬᠢᠷᠢ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠥᠷᠨᠢᠭᠦᠯᠪᠡ᠃      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠦᠭᠦ ᠣᠷᠣᠨ ᠤ ᠵᠠᠮ ᠬᠠᠷᠢᠯᠴᠠᠭᠠᠨ ᠤ ᠬᠦᠷᠢᠶᠡᠨ ᠳᠠᠬᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠣᠪᠣᠶᠢᠮ᠎ᠠ ᠠᠰᠠᠭᠤᠳᠠᠯ  ᠢ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠬᠠᠮᠢᠶ᠎ᠠ ᠪᠦᠬᠦᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠤ ᠳᠠᠯᠳᠠᠭᠤᠷ ᠦᠢᠯᠡᠳᠬᠦ᠂ ︽ᠪᠣᠱᠤᠭ᠎ᠠ︾ ᠶᠢ ᠥᠨᠳᠥᠷ ᠪᠤᠯᠭᠠᠵᠤ ᠬᠦᠷᠢᠶᠡᠯᠡᠨ ᠰᠦᠯᠪᠡᠭᠡᠯᠡᠬᠦ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠪᠠ᠃ ᠲᠡᠭᠡᠭᠡᠪᠦᠷᠢ ᠶᠢᠨ ᠬᠦᠷᠢᠶᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠲᠣᠮᠣ ᠵᠦᠢᠯᠡᠰ ᠤᠨ ᠲᠡᠭᠡᠭᠡᠪᠦᠷᠢ ᠶᠢᠨ ᠵᠥᠪᠰᠢᠶᠡᠷᠡᠯ ᠤᠨ ︽ᠰᠠᠶᠢᠨ ᠮᠠᠭᠤ ᠶᠢᠨ ᠦᠨᠡᠯᠡᠯᠲᠡ︾ ᠶᠢᠨ ᠳᠦᠷᠢᠮ ᠪᠣᠯᠣᠨ ᠠᠵᠤ ᠠᠬᠤᠶᠢᠯᠠᠯ ᠤᠨ ᠢᠲᠡᠭᠡᠮᠵᠢ ᠶᠢᠨ ᠬᠤᠪᠢ ᠬᠤᠷᠠᠮᠳᠤᠭᠤᠯᠬᠤ ᠳᠦᠷᠢᠮ ᠢ ᠭᠦᠨᠵᠡᠭᠡᠢ ᠠᠬᠢᠭᠤᠯᠵᠤ᠂ ᠲᠣᠮᠣ ᠵᠦᠢᠯᠡᠰ ᠤᠨ ᠲᠡᠭᠡᠭᠡᠪᠦᠷᠢ ᠶᠢᠨ ᠵᠥᠪᠰᠢᠶᠡᠷᠡᠯ ᠤᠨ ᠠᠵᠢᠯ ᠪᠣᠯᠣᠨ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠪᠦᠭᠦ ᠶᠠᠪᠤᠴᠠ ᠳᠤ ᠦᠨᠡᠯᠡᠯᠲᠡ ᠬᠢᠬᠦ ᠶᠢ ᠬᠡᠷᠡᠭᠵᠢᠭᠦᠯᠪᠡ᠃ ᠪᠠᠰᠠ ᠲᠦᠷᠭᠡᠨ ᠤ ᠵᠠᠰᠠᠮᠠᠯ ᠵᠠᠮ ᠤᠨ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠮᠠᠰᠢᠨ ᠲᠡᠷᠭᠡ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号