ᠰᠢ ᠶᠢᠨ ᠫᠢᠩ ᠴᠦᠩᠴᠢᠩ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠦᠩᠴᠢᠩ ᠤᠨ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ  ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/4/25
     ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 24 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠴᠦᠩᠴᠢᠩ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠴᠦᠩᠴᠢᠩ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠪᠣᠯᠣᠨ ᠨᠠᠮ ᠤᠨ ᠲᠥᠪ ᠬᠤᠷᠢᠶ᠎ᠠ ᠠᠴᠠ ᠳᠠᠭᠠᠭᠠᠯᠭᠠᠭᠰᠠᠨ ᠡᠭᠦᠷᠭᠡ ᠪᠠᠷ ᠪᠠᠷᠢᠮᠵᠢᠶᠠᠯᠠᠵᠤ᠂ ᠬᠠᠷᠢᠴᠠᠩᠭᠤᠢ ᠳᠠᠪᠠᠭᠤᠯᠢᠭ᠂ ᠬᠤᠵᠢᠭᠤ ᠬᠥᠭᠵᠢᠯᠲᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ᠂ ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢᠨ ᠶᠡᠷᠦᠩᠬᠡᠶᠢᠯᠡᠭᠰᠡᠨ ᠬᠦᠢᠰᠦ ᠶᠢ ᠬᠦᠴᠦᠯᠡᠨ ᠪᠠᠶᠢᠭᠤᠯᠵᠤ᠂ ︽ᠭᠤᠷᠪᠠᠨ ᠦᠢᠯᠡᠳᠦᠯ︾ ᠢ ᠪᠠᠳᠠᠷᠠᠭᠤᠯᠬᠤ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠦᠩᠴᠢᠩ ᠤᠨ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
     4 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠦᠩᠴᠢᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 22 ᠤᠨ ᠦᠳᠡ ᠶᠢᠨ ᠬᠤᠶᠢᠨ᠎ᠠ᠂ ᠰᠢ ᠶᠢᠨ ᠫᠢᠩ ᠴᠦᠩᠴᠢᠩ ᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠬᠦᠢᠰᠦ ᠬᠦᠷᠢᠶᠡᠯᠡᠩ ᠲᠣᠭᠤᠷᠢᠭ ᠤᠨ ᠴᠦᠩᠴᠢᠩ ᠤᠨ ᠲᠡᠮᠦᠷ ᠵᠠᠮ ᠤᠨ ᠴᠢᠩᠭᠡᠯᠢᠭᠲᠦ ᠪᠠᠷᠠᠭ᠎ᠠ ᠶᠢᠨ ᠲᠡᠭᠡᠭᠡᠪᠦᠷᠢᠯᠡᠯᠲᠡ ᠶᠢᠨ ᠭᠤᠣᠯ ᠥᠷᠲᠡᠭᠡ ᠳᠤ ᠠᠴᠢᠶᠠᠨ ᠤ ᠮᠠᠰᠢᠨ ᠲᠡᠷᠭᠡᠨ ᠤ ᠵᠢᠯᠣᠭᠤᠴᠢ᠂ ᠭᠠᠯᠲᠤ ᠲᠡᠷᠭᠡᠨ ᠤ ᠵᠢᠯᠣᠭᠤᠴᠢ᠂ ᠲᠡᠭᠡᠭᠡᠵᠦ ᠪᠠᠭᠤᠯᠭᠠᠬᠤ ᠠᠵᠢᠯᠴᠢᠨ᠂ ᠲᠠᠯᠠᠪᠤᠷ ᠥᠷᠲᠡᠭᠡ ᠶᠢᠨ ᠬᠠᠮᠢᠶᠠᠷᠤᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ      4 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠴᠦᠩᠴᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ ᠪᠣᠯᠣᠨ ᠬᠤᠳᠠ ᠶᠢᠨ ᠳᠠᠷᠤᠭ᠎ᠠ ᠬᠤ᠋ ᠾᠧᠩ ᠬᠤᠸᠠ ᠶᠢᠨ ᠪᠠᠷ᠎ᠠ ᠪᠤᠯᠤᠯᠭ᠎ᠠ ᠲᠠᠢ ᠪᠠᠷ᠂ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ᠂ ᠬᠤᠳᠠ ᠶᠢᠨ ᠨᠡᠶᠢᠭᠡᠮ ᠲᠣᠭᠤᠷᠢᠭ᠂ ᠲᠣᠭᠠᠴᠢᠯᠠᠭᠰᠠᠨ ᠬᠤᠳᠠ ᠶᠢᠨ ᠠᠵᠢᠯᠯᠠᠭᠠᠨ ᠪᠣᠯᠣᠨ ᠵᠠᠰᠠᠯᠲᠠ ᠶᠢᠨ ᠲᠥᠪ ᠵᠡᠷᠭᠡ ᠪᠠᠷ ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃
     4 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠦᠩᠴᠢᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 22 ᠤᠨ ᠦᠳᠡ ᠶᠢᠨ ᠬᠤᠶᠢᠨ᠎ᠠ᠂ ᠰᠢ ᠶᠢᠨ ᠫᠢᠩ ᠵᠢᠦ ᠯᠦᠩ ᠫᠥᠸᠧ ᠲᠣᠭᠤᠷᠢᠭ ᠤᠨ ᠰᠢᠶᠧ ᠵᠢᠶᠠ ᠸᠠᠨ ᠵᠡᠭᠡᠯᠢ ᠭᠤᠳᠤᠮᠵᠢ ᠶᠢᠨ ᠮᠢᠨ ᠵᠦ ᠲᠣᠰᠬᠤᠨ ᠤ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠬᠤ ᠦᠶ᠎ᠡ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ  ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ      22 ᠤᠨ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠴᠦᠩᠴᠢᠩ ᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠬᠦᠢᠰᠦ ᠬᠦᠷᠢᠶᠡᠯᠡᠩ ᠲᠣᠭᠤᠷᠢᠭ ᠲᠤ ᠰᠢᠨᠵᠢᠯᠡᠨ ᠪᠠᠶᠢᠴᠠᠭᠠᠪᠠ᠃ ᠲᠡᠷᠡ ᠪᠠᠷᠠᠭᠤᠨ ᠣᠷᠣᠨ ᠤ ᠡᠬᠡ ᠬᠠᠭᠤᠷᠠᠢ ᠪᠠ ᠲᠡᠯᠡᠶ ᠶᠢᠨ ᠰᠢᠨ᠎ᠡ ᠨᠡᠪᠲᠡᠷᠡᠬᠦ ᠵᠠᠮ ᠤᠨ ᠴᠦᠩᠴᠢᠩ ᠤᠨ ᠬᠠᠭᠤᠷᠠᠢ ᠭᠠᠷᠠᠮ ᠤᠨ ᠡᠵᠡᠩᠨᠡᠯᠲᠡ ᠲᠣᠬᠢᠷᠠᠭᠤᠯᠤᠯᠲᠠ ᠶᠢᠨ ᠲᠥᠪ ᠲᠤ ᠬᠦᠷᠴᠦ᠂ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢ ᠶᠢᠨ ᠫᠢᠩ᠂ ᠪᠠᠷᠠᠭᠠᠨ ᠤ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ︽ᠰᠤᠳᠠᠰᠤ︾ ᠮᠥᠨ᠃ ᠪᠠᠷᠠᠭᠤᠨ ᠣᠷᠣᠨ ᠤ ᠡᠬᠡ ᠬᠠᠭᠤᠷᠠᠢ ᠪᠠ ᠲᠠᠯᠠᠢ ᠶᠢᠨ ᠰᠢᠨ᠎ᠡ ᠨᠡᠪᠲᠡᠷᠡᠬᠦ ᠵᠠᠮ ᠢ ᠪᠠᠶᠢᠭᠤᠯᠬᠤ ᠨᠢ ︽ᠡᠬᠡ ᠬᠠᠭᠤᠷᠠᠢ ᠲᠠᠯᠠᠢ ᠲᠠᠩᠭᠢᠰ ᠳᠣᠲᠣᠭᠠᠳᠤ ᠭᠠᠳᠠᠭᠠᠳᠤ ᠬᠤᠯᠪᠣᠯᠳᠤᠨ ᠬᠥᠳᠡᠯᠦᠯᠴᠡᠵᠦ᠂ ᠵᠡᠭᠦᠨᠰᠢ ᠪᠠᠷᠠᠭᠤᠨᠰᠢ ᠬᠤᠣᠰ ᠴᠢᠭᠯᠡᠯ ᠢᠶᠠᠷ ᠬᠠᠷᠢᠯᠴᠠᠨ ᠲᠤᠰᠠᠯᠠᠬᠤ︾ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠤᠢ ᠪᠤᠯᠭᠠᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠨᠡ ᠬᠦ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠡᠵᠡᠩᠨᠡᠵᠦ᠂ ᠪᠠᠷᠠᠭᠤᠨ ᠣᠷᠣᠨ ᠪᠣᠯᠣᠨ ᠳᠣᠲᠣᠭᠠᠳᠤ ᠬᠠᠭᠤᠷᠠᠢ ᠶᠢᠨ ᠭᠠᠵᠠᠷ ᠣᠷᠣᠨ ᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠳᠠᠶᠢᠴᠢᠯᠠᠬᠤ ᠬᠡᠷᠡᠭᠲᠡᠢ᠃ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠲᠡᠷᠢᠭᠦᠨ ᠤ ᠮᠡᠷᠭᠡᠵᠢᠯ ᠢ ᠢᠳᠡᠪᠬᠢᠲᠡᠢ ᠪᠠᠷ ᠬᠡᠷᠡᠭᠯᠡᠨ᠂ ᠬᠤᠯᠪᠤᠭᠠᠯᠠᠨ ᠲᠡᠭᠡᠭᠡᠪᠦᠷᠢᠯᠡᠬᠦ ᠵᠠᠭᠪᠤᠷ ᠢ ᠲᠠᠰᠤᠷᠠᠯᠲᠠ ᠦᠭᠡᠢ ᠰᠢᠨᠡᠳᠬᠡᠵᠦ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠦᠨ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡ ᠶᠢᠨ ᠰᠢᠰᠲ᠋ᠧᠮ ᠢ ᠪᠠᠶᠢᠭᠤᠯᠬᠤ ᠳᠤ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠳᠠᠷᠠᠭ᠎ᠠ ᠨᠢ᠂ ᠰᠢ ᠶᠢᠨ ᠫᠢᠩ ᠴᠦᠩᠴᠢᠩ ᠤᠨ ᠲᠡᠮᠦᠷ ᠵᠠᠮ ᠤᠨ ᠴᠢᠩᠭᠡᠯᠢᠭᠲᠦ ᠪᠠᠷᠠᠭ᠎ᠠ ᠶᠢᠨ ᠲᠡᠭᠡᠭᠡᠪᠦᠷᠢᠯᠡᠯᠲᠡ ᠶᠢᠨ ᠭᠤᠣᠯ ᠥᠷᠲᠡᠭᠡ ᠳᠤ ᠬᠦᠷᠴᠦ᠂ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠬᠤ᠂ ᠲᠡᠭᠡᠭᠡᠪᠦᠷᠢ ᠶᠢᠨ ᠵᠠᠮ ᠱᠤᠭᠤᠮ᠂ ᠡᠵᠡᠩᠨᠡᠯᠲᠡ ᠶᠢᠨ ᠥᠪᠡᠷ ᠤᠨ ᠥᠷᠲᠡᠭ ᠪᠠ ᠦᠷ᠎ᠡ ᠠᠰᠢᠭ ᠵᠡᠷᠭᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠠᠴᠢᠶᠠᠨ ᠤ ᠮᠠᠰᠢᠨ ᠲᠡᠷᠭᠡᠨ ᠤ ᠵᠢᠯᠣᠭᠤᠴᠢ᠂ ᠭᠠᠯᠲᠤ ᠲᠡᠷᠭᠡᠨ ᠤ ᠵᠢᠯᠣᠭᠤᠴᠢ᠂ ᠲᠡᠭᠡᠭᠡᠵᠦ ᠪᠠᠭᠤᠯᠭᠠᠬᠤ ᠠᠵᠢᠯᠴᠢᠨ᠂ ᠲᠠᠯᠠᠪᠤᠷ ᠥᠷᠲᠡᠭᠡ ᠶᠢᠨ ᠬᠠᠮᠢᠶᠠᠷᠤᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠤᠨ ᠡᠷᠴᠢᠮ᠂ ᠭᠦᠳᠡᠯᠮᠦᠷᠢ ᠶᠢᠨ ᠡᠷᠬᠡ ᠠᠰᠢᠭ ᠤᠨ ᠬᠠᠮᠠᠭᠠᠯᠠᠯᠲᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠠᠮᠠᠷᠠᠯᠲᠠ ᠪᠠ ᠣᠷᠣᠯᠭ᠎ᠠ ᠶᠢᠨ ᠪᠠᠶᠢᠳᠠᠯ ᠢ ᠨᠢ ᠠᠰᠠᠭᠤᠨ ᠣᠶᠢᠯᠠᠭᠠᠪᠠ᠃ ᠰᠢ ᠶᠢᠨ ᠫᠢᠩ᠂ ᠤᠯᠠᠨ ᠢᠶᠠᠷ ᠢᠶᠠᠨ ᠪᠠᠷᠠᠭᠠᠨ ᠤ ᠭᠦᠢᠯᠭᠡᠭᠡ ᠶᠢᠨ ᠡᠮᠦᠨ᠎ᠡ ᠹᠷᠣᠨᠲ ᠲᠤ ᠠᠵᠢᠯᠯᠠᠵᠤ ᠪᠤᠢ᠂ ᠮᠥᠨ ᠴᠦ ᠭᠠᠳᠠᠭᠠᠳᠤ ᠨᠡᠭᠡᠭᠡᠯᠲᠡ ᠶᠢᠨ ᠡᠮᠦᠨ᠎ᠡ ᠹᠷᠣᠨᠲ ᠲᠤ ᠪᠤᠢ᠂ ᠲᠠ ᠨᠠᠷ ᠤᠨ ᠰᠢᠷᠭᠠᠭᠤ ᠭᠦᠳᠡᠯᠮᠦᠷᠢ ᠪᠠᠷ ᠳᠠᠮᠵᠢᠨ᠂ ᠮᠠᠰᠢ ᠤᠯᠠᠨ ᠲᠠᠸᠠᠷ ᠠᠭᠤᠯᠠ ᠤᠰᠤ ᠶᠢ ᠲᠤᠭᠤᠯᠤᠨ᠂ ᠳᠡᠯᠡᠬᠡᠢ ᠳ᠋ᠠᠬᠢᠨ ᠳᠤ ᠭᠠᠷᠴᠤ ᠪᠠᠶᠢᠨ᠎ᠠ᠂ ᠲᠠ ᠨᠠᠷ ᠤᠨ ᠠᠵᠢᠯ ᠮᠠᠰᠢ ᠤᠳᠬ᠎ᠠ ᠠᠭᠤᠯᠭ᠎ᠠ ᠲᠠᠢ ᠶᠤᠮ᠃ ᠪᠠᠷᠠᠭᠤᠨ ᠣᠷᠣᠨ ᠤ ᠶᠡᠭᠡ ᠨᠡᠭᠡᠭᠡᠯᠲᠡ ᠶᠢ ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠳᠤ ᠪᠠᠷᠠᠭᠠᠨ ᠤ ᠭᠦᠢᠯᠭᠡᠭᠡ ᠮᠠᠰᠢ ᠴᠢᠬᠤᠯᠠ ᠶᠤᠮ᠂ ᠤᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠲᠠᠰᠤᠷᠠᠯᠳᠠ ᠦᠭᠡᠢ ᠰᠢᠨ᠎ᠡ ᠬᠢᠷᠢ ᠪᠦᠲᠦᠮᠵᠢ ᠡᠭᠦᠳᠴᠦ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠬᠡᠯᠡᠪᠡ᠃      ᠰᠢ ᠶᠢᠨ ᠫᠢᠩ ᠪᠠᠰᠠ ᠴᠦᠩᠴᠢᠩ ᠤᠨ ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ ᠠᠵᠤ ᠠᠬᠤᠢ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠦᠩᠴᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠣᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠰᠢ ᠶᠢᠨ ᠫᠢᠩ᠂ ᠴᠧᠩᠳᠦ᠋ ᠴᠦᠩᠴᠢᠩ ᠣᠷᠣᠨ ᠤ ᠬᠤᠶᠠᠷ ᠬᠤᠲᠠ ᠶᠢᠨ ᠠᠵᠤ ᠠᠬᠤᠢ ᠶᠢᠨ ᠴᠠᠭᠠᠷᠢᠭ ᠢ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠃ ᠴᠦᠩᠴᠢᠩ᠂ ᠰᠧᠴᠤᠸᠠᠨ ᠬᠤᠶᠠᠷ ᠭᠠᠵᠠᠷ ᠤᠨ ᠬᠢᠨ ᠨᠢᠭᠲᠠ ᠬᠠᠮᠲᠤᠷᠠᠯᠴᠠᠵᠤ᠂ ᠬᠥᠭᠵᠢᠯᠲᠡ ᠶᠢᠨ ᠴᠢᠳᠠᠪᠤᠷᠢ ᠶᠢᠨ ᠲᠡᠰ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠤ ︽ᠬᠤᠶᠠᠷ ᠬᠤᠳᠠ ᠶᠢᠨ ᠲᠡᠮᠳᠡᠭᠯᠡᠯ︾ ᠢ ᠬᠠᠮᠲᠤ ᠪᠠᠷ ᠰᠠᠶᠢᠲᠤᠷ ᠳᠠᠭᠤᠷᠢᠰᠤᠭᠤᠯᠬᠤ ᠬᠡᠷᠡᠭᠲᠡᠢ᠃ ᠲᠤᠯᠭᠠᠭᠤᠷᠢ ᠠᠵᠤ ᠦᠢᠯᠡᠰ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠵᠢᠭᠰᠠᠭᠠᠯ ᠤᠨ ᠭᠠᠵᠠᠷ ᠮᠥᠨ᠃ ᠴᠦᠩᠴᠢᠩ ᠤᠨ ᠦᠢᠯᠡᠳᠬᠦ ᠦᠢᠯᠡᠰ ᠨᠢ ᠲᠤᠰ ᠪᠡᠶ᠎ᠡ ᠶᠢᠨ ᠪᠦᠲᠦᠴᠡ ᠶᠢᠨ ᠣᠨᠴᠠᠯᠢᠭ ᠲᠠᠢ᠂ ᠬᠠᠷᠠᠭᠠᠯᠵᠠᠭᠰᠠᠨ ᠳᠠᠪᠠᠭᠤᠯᠢᠭ ᠲᠠᠢ ᠶᠤᠮ᠂ ᠴᠦᠩᠴᠢᠩ ᠤᠨ  ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠣᠳᠣᠬᠠᠨ ᠤ ᠠᠵᠢᠯ ᠢᠶᠠᠨ ᠠᠳᠬᠤᠵᠤ᠂ ᠢᠷᠡᠭᠡᠳᠦᠢ ᠪᠠᠨ ᠪᠣᠳᠣᠯᠬᠢᠯᠠᠵᠤ᠂ ᠡᠷᠡᠰ ᠭᠤᠶᠢᠪᠢᠰᠢ ᠦᠭᠡᠢ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃      ᠵᠢᠦ ᠯᠦᠩ ᠫᠥᠸᠧ ᠲᠣᠭᠤᠷᠢᠭ ᠤᠨ ᠰᠢᠶᠧ ᠵᠢᠶᠠ ᠸᠠᠨ ᠵᠡᠭᠡᠯᠢ ᠭᠤᠳᠤᠮᠵᠢ ᠶᠢᠨ ᠮᠢᠨ ᠵᠦ ᠲᠣᠰᠬᠤᠨ ᠤ ᠨᠡᠶᠢᠭᠡᠮ ᠲᠣᠭᠤᠷᠢᠭ ᠪᠣᠯ ᠨᠢᠭᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠᠶᠢᠵᠤ᠂ 2022 ᠣᠨ ᠤ ᠡᠬᠢ ᠪᠠᠷ ᠥᠭᠡᠷᠡᠴᠢᠯᠡᠨ ᠰᠢᠨᠡᠳᠬᠡᠬᠦ ᠲᠦᠷᠦᠯ ᠵᠦᠢᠯ ᠢ ᠡᠬᠢᠯᠡᠭᠦᠯᠬᠦ ᠶᠢᠨ ᠵᠡᠷᠭᠡ ᠪᠠᠷ ᠪᠦᠭᠦ ᠤᠯᠤᠰ ᠤᠨ ᠬᠤᠯᠪᠣᠭᠳᠠᠯ ᠪᠦᠬᠦᠢ ᠲᠤᠷᠰᠢᠯᠲᠠ ᠶᠢᠨ ᠴᠡᠭ ᠲᠤ ᠣᠷᠣᠪᠠ᠃ ᠰᠢ ᠶᠢᠨ ᠫᠢᠩ ᠠᠳᠡ ᠢᠷᠡᠵᠦ᠂ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠭᠰᠡᠨ ᠪᠠ ᠠᠷᠠᠳ ᠲᠤ ᠲᠦᠭᠦᠮ ᠦᠵᠡᠭᠦᠯᠦᠭᠰᠡᠨ ᠦᠢᠯᠡᠴᠢᠯᠡᠭᠡᠨ ᠤ ᠪᠠᠶᠢᠳᠠᠯ ᠢ ᠪᠠᠶᠢᠴᠠᠭᠠᠨ ᠦᠵᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃ ᠲᠡᠷᠡ ᠪᠠᠰᠠ ᠨᠡᠶᠢᠭᠡᠮ ᠲᠣᠭᠤᠷᠢᠭ ᠤᠨ ᠬᠤᠭᠤᠯᠠᠨ ᠭᠡᠷ ᠲᠤ ᠣᠷᠣᠵᠤ᠂ ᠶᠠᠭ ᠰᠠᠶᠢᠬᠠᠨ ᠬᠤᠭᠤᠯᠠ ᠪᠠᠨ ᠢᠳᠡᠵᠦ ᠪᠠᠶᠢᠭᠰᠠᠨ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠨᠡᠶᠢᠭᠡᠮ ᠲᠣᠭᠤᠷᠢᠭ ᠤᠨ ᠬᠤᠭᠤᠯᠠᠨ ᠭᠡᠷ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠶᠢ ᠵᠣᠷᠢᠭᠵᠢᠭᠤᠯᠪᠠ᠃ ᠰᠢ ᠶᠢᠨ ᠫᠢᠩ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠣᠯ ᠬᠤᠲᠠ ᠶᠢᠨ ᠰᠢᠨᠡᠴᠢᠯᠡᠯᠲᠡ ᠶᠢᠨ ᠨᠢᠭᠡᠨ ᠭᠤᠣᠯᠳᠠᠯᠭ᠎ᠠ ᠪᠤᠯᠬᠤ ᠪᠥᠭᠡᠳ ᠪᠠᠰᠠ ᠴᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠭᠦᠨ ᠳᠤ ᠲᠡᠦᠬᠡ ᠶᠢᠨ ᠳᠤᠷᠠᠰᠤᠮᠵᠢ ᠪᠠ ᠥᠪᠡᠷᠮᠢᠴᠡ ᠣᠨᠴᠠᠯᠢᠭᠲᠤ ᠲᠥᠷᠬᠦ ᠶᠢ ᠦᠯᠡᠳᠡᠭᠡᠨ ᠬᠠᠳᠠᠭᠠᠯᠠᠬᠤ ᠬᠡᠷᠡᠭᠲᠡᠢ ᠪᠥᠭᠡᠳ ᠪᠠᠰᠠ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠡᠨᠡ ᠲᠠᠯ᠎ᠠ ᠶᠢᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠥᠷᠭᠡᠨ ᠤᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠰᠠᠶᠢᠲᠤᠷ ᠠᠰᠢᠭ ᠬᠦᠷᠲᠡᠭᠡᠬᠦ ᠬᠡᠷᠡᠭᠲᠡᠢ᠃ ᠬᠤᠳᠠ ᠶᠢᠨ ᠵᠠᠰᠠᠯᠲᠠ ᠶᠢᠨ ᠮᠠᠰᠢ ᠤᠯᠠᠨ ᠠᠵᠢᠯ ᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠡᠬᠦ ᠡᠨᠡ ᠬᠦ ᠲᠠᠶᠢᠴᠢᠨ ᠪᠠᠬᠢᠯᠡᠯᠲᠡ ᠪᠣᠯᠣᠨ ᠨᠡᠶᠢᠭᠡᠮ ᠲᠣᠭᠤᠷᠢᠭ ᠤᠨ ᠲᠠᠪᠴᠠᠩ ᠳᠤ ᠲᠦᠰᠢᠭᠯᠡᠨ ᠨᠠᠶᠢᠳᠠᠪᠤᠷᠢᠵᠢᠭᠤᠯᠵᠤ᠂ ᠬᠤᠳᠠ ᠶᠢᠨ ᠨᠡᠶᠢᠭᠡᠮ ᠲᠣᠭᠤᠷᠢᠭ ᠤᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ ᠲᠣᠳᠣᠷᠬᠠᠶᠢᠯᠠᠵᠤ᠂ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ᠂ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠦᠷᠭᠦᠯᠵᠢᠯᠡᠨ ᠠᠬᠢᠭᠤᠯᠵᠤ᠂ ᠲᠣᠣᠷᠵᠢᠭᠤᠯᠤᠬᠰᠠᠨ ᠬᠠᠮᠢᠶᠠᠷᠤᠯᠲᠠ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠨᠠᠷᠢᠯᠢᠭᠵᠢᠭᠤᠯᠤᠭᠰᠠᠨ ᠵᠠᠰᠠᠯᠲᠠ᠂ ᠨᠠᠷᠢᠯᠢᠭ ᠣᠨᠣᠪᠴᠢᠲᠠᠢ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠠᠶᠠᠷᠯᠠᠬᠤ ᠦᠶ᠎ᠡ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠦ ᠶᠡᠷᠦᠩᠬᠡᠢ ᠱᠦᠵᠢ ᠶᠢ ᠦᠳᠡᠨ ᠮᠣᠷᠳᠠᠭᠤᠯᠵᠠᠢ᠃ ᠰᠢ ᠶᠢᠨ ᠫᠢᠩ ᠤᠯᠠᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠠᠷᠠᠳ ᠤᠨ ᠠᠮᠢᠳᠤᠷᠠᠯ ᠢ ᠲᠡᠷᠢᠭᠦᠨ ᠴᠢᠬᠤᠯᠠ ᠪᠠᠶᠢᠷᠢᠨ ᠳᠤ ᠲᠠᠯᠪᠢᠨ᠎ᠠ᠃ ᠨᠠᠮ ᠪᠠ ᠵᠠᠰᠠᠭ ᠤᠨ ᠣᠷᠳᠣᠨ ᠤ ᠠᠯᠢᠪᠠ ᠠᠵᠢᠯ ᠪᠣᠯ ᠴᠥᠮ ᠠᠷᠠᠳ ᠤᠯᠠᠨ ᠳᠤ ᠨᠡᠩ ᠵᠣᠯ ᠵᠢᠷᠭᠠᠯ ᠲᠠᠢ ᠠᠮᠢᠳᠤᠷᠠᠯ ᠢ ᠡᠳ᠋ᠯᠡᠭᠦᠯᠭᠦ ᠶᠢᠨ ᠲᠥᠯᠥᠭᠡ  ᠶᠤᠮ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠥᠮ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠳᠤ ᠨᠡᠩ ᠤᠯᠠᠨ ᠡᠳ᠋ ᠤᠨ ᠬᠦᠴᠦᠨ ᠪᠣᠳᠠᠰ ᠤᠨ ᠬᠦᠴᠦᠨ ᠢ ᠣᠷᠣᠭᠤᠯᠵᠤ᠂ ᠵᠢᠯ ᠪᠦᠷᠢ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠳ ᠢ ᠪᠦᠲᠦᠭᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃      23 ᠤ ᠦᠳᠡ ᠶᠢᠨ ᠡᠮᠦᠨ᠎ᠡ᠂ ᠰᠢ ᠶᠢᠨ ᠫᠢᠩ ᠴᠦᠩᠴᠢᠩ ᠬᠤᠲᠠ ᠶᠢᠨ ᠲᠣᠭᠠᠴᠢᠯᠠᠭᠰᠠᠨ ᠬᠤᠲᠠ ᠶᠢᠨ ᠠᠵᠢᠯᠯᠠᠭᠠᠨ ᠪᠠ ᠵᠠᠰᠠᠯᠲᠠ ᠶᠢᠨ ᠲᠥᠪ ᠲᠤ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠬᠢᠨ ᠤ ᠬᠤᠲᠠ ᠶᠢᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠭᠡᠲᠦ ᠶᠡᠭᠡ ᠬᠤᠲᠠ ᠶᠢᠨ ᠵᠠᠰᠠᠯᠲᠠ ᠶᠢᠨ ᠰᠢᠨ᠎ᠡ ᠵᠠᠮ ᠢ ᠰᠦᠪᠡᠭᠴᠢᠯᠡᠭᠰᠡᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠰᠲ᠋ᠧᠮ ᠤᠨ ᠬᠡᠷᠡᠭᠯᠡᠭᠡᠨ ᠤ ᠦᠵᠡᠭᠦᠯᠭᠡ ᠶᠢ ᠰᠣᠨᠢᠷᠬᠠᠪᠠ᠃ ᠰᠢ ᠶᠢᠨ ᠫᠢᠩ᠂ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠶᠢᠪᠠᠰᠤ ᠵᠣᠬᠢᠬᠤ ᠠᠭᠤᠯᠭ᠎ᠠ ᠮᠥᠨ᠃ ᠲᠣᠭᠠᠴᠢᠯᠠᠯᠳᠠ ᠪᠠᠷ ᠬᠦᠴᠦᠨ ᠴᠢᠳᠠᠯ ᠣᠯᠭᠤᠬᠤ ᠶᠢ ᠴᠢᠩᠭᠠᠳᠬᠠᠵᠤ᠂ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠳᠤ ᠲᠣᠮᠣ ᠳ᠋ᠠᠶᠢᠲ᠋ᠠ ᠶᠢᠨ ᠲᠠᠪᠴᠠᠩ ᠪᠣᠯᠣᠨ ᠰᠦᠯᠵᠢᠶᠡᠨ ᠤ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠭᠤᠯᠵᠤ᠂ ᠬᠤᠯᠪᠤᠭᠠᠯᠠᠨ ᠵᠢᠯᠤᠭᠤᠳᠬᠤ ᠪᠠ ᠡᠯ᠎ᠡ ᠲᠠᠯ᠎ᠠ ᠶᠢᠨ ᠬᠢᠨ ᠬᠠᠮᠵᠢᠯᠴᠠᠬᠤ ᠶᠢ ᠴᠢᠩᠭᠠᠳᠬᠠᠵᠤ᠂ ᠬᠡᠷᠡᠭᠵᠢᠭᠦᠯᠬᠦ  ᠬᠦᠴᠦᠨ ᠢ ᠦᠨᠡᠨ ᠬᠦ ᠳᠡᠭᠡᠭᠰᠢᠯᠡᠭᠦᠯᠭᠦ ᠬᠡᠷᠡᠭᠲᠡᠢ᠃ ᠬᠤᠲᠠ ᠶᠢᠨ ᠵᠠᠰᠠᠯᠲᠠ ᠨᠢ ᠡᠯ᠎ᠡ ᠲᠠᠯ᠎ᠠ ᠳᠤ ᠬᠤᠯᠪᠣᠭᠳᠠᠨ᠎ᠠ᠂ ᠡᠩ ᠲᠡᠷᠢᠭᠦᠨ ᠳᠤ ︽ᠴᠠᠭ ᠢᠮᠠᠭᠲᠠ ᠰᠠᠨᠠᠭ᠎ᠠ ᠲᠠᠯᠪᠢᠬᠤ︾ ᠬᠠᠷᠢᠭᠤᠴᠠᠯᠭᠠᠲᠤ ᠰᠡᠳᠬᠢᠯᠭᠡ ᠪᠠᠷ ᠪᠡᠯᠡᠳᠬᠡᠯ ᠲᠥᠰᠥᠯ ᠢ ᠰᠠᠶᠢᠲᠤᠷ ᠬᠢᠵᠦ᠂ ᠣᠨᠣᠴᠠᠲᠠᠢ ᠬᠠᠮᠢᠶᠠᠷᠤᠨ ᠡᠵᠡᠮᠳᠡᠵᠦ᠂ ᠦᠳᠲᠡᠷ ᠲᠦᠷᠭᠡᠨ ᠲᠤᠰᠬᠠᠯ ᠭᠠᠷᠭᠠᠵᠤ᠂ ᠡᠯ᠎ᠡ ᠲᠥᠷᠥᠯ ᠤᠨ ᠬᠡᠷᠡᠭ ᠶᠠᠪᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠤᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠢ᠃ ᠲᠠ ᠨᠠᠷ ᠤᠨ ᠲᠠᠰᠤᠷᠠᠯᠲᠠ ᠦᠭᠡᠢ ᠰᠦᠪᠡᠭᠴᠢᠯᠡᠵᠦ᠂ ᠰᠢᠨ᠎ᠡ ᠲᠤᠷᠰᠢᠯᠭ᠎ᠠ ᠬᠤᠷᠠᠮᠳᠤᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      24 ᠤ ᠦᠳᠡ ᠶᠢᠨ ᠡᠮᠦᠨ᠎ᠡ᠂ ᠰᠢ ᠶᠢᠨ ᠫᠢᠩ ᠴᠦᠩᠴᠢᠩ ᠬᠤᠳᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠦᠩᠴᠢᠩ ᠤᠨ ᠡᠯ᠎ᠡ ᠵᠦᠢᠯ ᠤᠨ ᠠᠵᠢᠯ ᠤᠨ ᠣᠯᠣᠭᠰᠠᠨ ᠬᠢᠷᠢ ᠪᠦᠲᠦᠮᠵᠢ ᠶᠢ ᠨᠤᠲᠠᠯᠠᠪᠠ᠃      ᠰᠢ ᠶᠢᠨ ᠫᠢᠩ᠂ ᠴᠦᠩᠴᠢᠩ ᠤᠨ ᠦᠢᠯᠡᠳᠬᠦ ᠦᠢᠯᠡᠰ ᠤᠨ ᠰᠠᠭᠤᠷᠢ ᠨᠡᠯᠢᠶᠡᠳ ᠰᠠᠶᠢᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠬᠢ ᠪᠠᠶᠠᠯᠢᠭ ᠡᠯᠪᠡᠭ ᠶᠤᠮ᠂ ᠲᠡᠷᠢᠭᠦᠨ ᠤ ᠦᠢᠯᠡᠳᠬᠦ ᠦᠢᠯᠡᠰ ᠢᠶᠠᠷ ᠭᠤᠣᠯᠯᠠᠭᠴᠢ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠦᠢᠯᠡᠳᠬᠦ ᠦᠢᠯᠡᠰ ᠤᠨ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠪᠠ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠳᠡᠯᠡᠬᠡᠢ ᠶᠢᠨ ᠲᠡᠷᠢᠭᠦᠨ ᠤ ᠲᠦᠪᠰᠢᠨ ᠪᠠ ᠥᠷᠢᠰᠦᠯᠳᠦᠬᠦ ᠬᠦᠴᠦᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠪᠣᠶᠢᠵᠢᠭᠤᠯᠬᠤ ᠬᠡᠷᠡᠭᠲᠡᠢ᠃ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠵᠠᠭᠪᠤᠷ ᠰᠢᠨ᠎ᠡ ᠬᠥᠳᠡᠯᠭᠡᠬᠦ ᠬᠦᠴᠦᠨ ᠢ ᠢᠳᠡᠪᠬᠢᠲᠡᠢ ᠪᠣᠶᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠴᠧᠩᠳᠦ᠋ ᠴᠦᠩᠴᠢᠩ ᠣᠷᠣᠨ ᠤ ᠬᠤᠣᠰ ᠬᠤᠳᠠ ᠶᠢᠨ ᠠᠵᠤ ᠠᠬᠤᠢ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠨᠡᠮᠡᠭᠳᠡᠯ ᠤᠨ ᠲᠤᠶᠢᠯ ᠪᠣᠯᠣᠨ ᠰᠢᠨ᠎ᠡ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠪᠣᠬᠢᠷᠳᠤᠯ ᠦᠭᠡᠢ ᠬᠥᠭᠵᠢᠯᠲᠡ ᠶᠢ ᠶᠡᠭᠡ ᠪᠠᠷ ᠠᠬᠢᠭᠤᠯᠵᠤ᠂ ᠦᠵᠡᠰᠬᠦᠯᠡᠩᠲᠦ ᠰᠠᠶᠢᠬᠠᠨ ᠴᠦᠩᠴᠢᠩ ᠢ ᠪᠦᠲᠦᠭᠡᠨ ᠪᠠᠶᠢᠭᠤᠯᠵᠤ᠂ ᠬᠥᠬᠡᠮᠥ᠋ᠷᠡᠨ ᠤ ᠳᠡᠭᠡᠳᠦ ᠤᠷᠤᠰᠬᠠᠯ ᠤᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠴᠦᠩᠴᠢᠩ ᠤᠨ ᠬᠢᠨ ᠵᠣᠷᠢᠭᠲᠠᠢ ᠪᠠᠷ ᠲᠦᠷᠦᠭᠦᠯᠡᠬᠦ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠨᠢᠭᠡ ᠲᠠᠯ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠳᠬᠤᠵᠤ᠂ ᠨᠢᠭᠡ ᠪᠦᠯᠦᠭ ᠭᠤᠣᠯᠯᠠᠬᠤ ᠥᠷᠢᠰᠦᠯᠳᠦᠬᠦ ᠬᠦᠴᠦᠨ ᠢᠶᠠᠷ ᠴᠢᠩᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠣᠶᠢᠵᠢᠭᠤᠯᠵᠤ᠂ ᠨᠦᠭᠦᠭᠡ ᠲᠠᠯ᠎ᠠ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠠᠳᠬᠤᠬᠤ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠪᠠᠷᠠᠭᠤᠨ ᠣᠷᠣᠨ ᠤ ᠡᠬᠡ ᠬᠠᠭᠤᠷᠠᠢ ᠪᠠ ᠲᠠᠯᠠᠢ ᠶᠢᠨ ᠰᠢᠨ᠎ᠡ ᠵᠠᠮ ᠤᠨ ᠬᠤᠯᠪᠤᠭᠠᠯᠠᠨ ᠬᠥᠳᠡᠯᠦᠯᠴᠡᠵᠦ ᠬᠥᠭᠵᠢᠬᠦ ᠶᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠴᠦᠩᠴᠢᠩ ᠪᠣᠯ ᠮᠠᠨ ᠤ ᠤᠯᠤᠰ ᠤᠨ ᠬᠠᠷᠢᠶ᠎ᠠ ᠣᠷᠣᠨ ᠤ ᠲᠠᠯᠠᠪᠠᠶ ᠪᠠ ᠬᠥᠮᠥᠨ ᠠᠮᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠬᠤᠲᠠ ᠪᠣᠯᠣᠨ᠎ᠠ᠂ ᠠᠷᠠᠳ ᠲᠦᠮᠡᠨ ᠤ ᠬᠤᠲᠠ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠭᠡᠲᠦ ᠶᠡᠭᠡ ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠭ᠎ᠠ ᠪᠠᠨ ᠲᠦᠷᠭᠡᠳᠬᠡᠵᠦ᠂ ᠬᠤᠲᠠ ᠶᠢᠨ ᠠᠵᠢᠯᠯᠠᠭᠠᠨ ᠪᠠ ᠵᠠᠰᠠᠯᠲᠠ ᠶᠢᠨ ᠣᠶᠤᠨᠴᠢ ᠭᠤᠣᠯ ᠰᠢᠰᠲ᠋ᠧᠮ ᠢ ᠪᠠᠶᠢᠭᠤᠯᠵᠤ᠂ ︽ᠶᠡᠭᠡ ᠶᠡᠷᠦᠩᠬᠡᠶᠢᠯᠡᠭᠰᠡᠨ ᠨᠢᠭᠡ ᠴᠣᠭᠴᠠᠵᠢᠭᠤᠯᠤᠭᠰᠠᠨ︾ ᠬᠤᠲᠠ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠶᠢᠨ ᠵᠠᠰᠠᠯᠲᠠ ᠶᠢ ᠨᠠᠩ ᠣᠶᠤᠨᠴᠢ᠂ ᠨᠠᠩ ᠥᠨᠳᠥᠷ ᠪᠦᠲᠦᠮᠵᠢᠲᠡᠶ᠂ ᠨᠠᠩ ᠣᠨᠣᠴᠠᠲᠠᠢ ᠪᠤᠯᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠣᠯᠬᠢ ᠳᠠᠳᠬᠠᠯ ᠢ ᠲᠡᠪᠴᠢᠵᠦ ᠰᠢᠨ᠎ᠡ ᠬᠡᠪ ᠰᠤᠷᠲᠠᠯ ᠢ ᠳᠡᠯᠭᠡᠷᠡᠭᠦᠯᠬᠦ ᠶᠢ ᠠᠬᠢᠭᠤᠯᠵᠤ᠂ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠤᠶᠠᠨ ᠬᠠᠳᠠᠨ ᠴᠢᠨᠠᠷᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠴᠦᠩᠴᠢᠩ ᠪᠣᠯ ᠶᠡᠭᠡ ᠬᠤᠳᠠ᠂ ᠶᠡᠭᠡ ᠬᠥᠳᠡᠭᠡ ᠲᠣᠰᠬᠤᠨ᠂ ᠶᠡᠭᠡ ᠠᠭᠤᠯᠠᠷᠬᠠᠭ ᠣᠷᠣᠨ᠂ ᠶᠡᠭᠡ ᠴᠦᠭᠦᠷᠤᠮ ᠤᠨ ᠣᠷᠣᠨ ᠢ ᠨᠢᠭᠡ ᠴᠣᠭᠴᠠᠵᠢᠭᠤᠯᠤᠭᠰᠠᠨ ᠪᠠᠶᠢᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠶᠡᠭᠡ ᠪᠠᠷ ᠠᠬᠢᠭᠤᠯᠬᠤ ᠬᠡᠷᠡᠭᠲᠡᠢ᠃ ᠰᠢᠶᠠᠨ ︵ᠲᠣᠭᠤᠷᠢᠭ︶ ᠤ ᠲᠥᠪ ᠢᠶᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠥᠷᠥᠩᠭᠡ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠢ ᠬᠥᠳᠡᠭᠡ ᠪᠠᠭᠤᠯᠭᠠᠬᠤ ᠶᠢ ᠡᠮᠬᠢ ᠵᠢᠷᠤᠮ ᠲᠠᠢ ᠬᠥᠲᠥᠯᠥᠨ ᠵᠢᠯᠤᠭᠤᠳᠴᠤ᠂ ᠬᠠᠤᠯᠢ ᠶᠣᠰᠣᠭᠠᠷ ᠵᠢᠷᠤᠮᠵᠢᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠭᠤᠯᠠ ᠶᠢ ᠲᠦᠰᠢᠭᠰᠡᠨ ᠳᠠᠪᠠᠭᠤᠯᠢᠭ ᠢᠶᠠᠨ ᠠᠰᠢᠭᠯᠠᠨ ᠠᠮᠢ ᠠᠬᠤᠢ ᠶᠢᠨ ᠣᠨᠴᠠᠯᠢᠭᠲᠤ ᠲᠠᠷᠢᠶᠠᠯᠠᠩ ᠢ ᠬᠥᠭᠵᠢᠭᠦᠯᠬᠦ ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠣᠳᠣᠬᠢ ᠱᠠᠲᠤ ᠬᠤᠭᠤᠴᠠᠭᠠᠨ ᠤ ᠲᠠᠷᠢᠶᠠᠴᠢᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠴᠢᠩᠭ᠎ᠠ ᠪᠠᠶᠢᠬᠤ᠂ ᠠᠳᠬᠤᠵᠤ ᠳᠡᠶᠢᠯᠭᠦ᠂ ᠬᠡᠳᠦᠨ ᠵᠢᠯ ᠠᠳᠬᠤᠪᠠᠯ ᠦᠷ᠎ᠡ ᠪᠦᠲᠦᠮᠵᠢ ᠣᠯᠵᠤ ᠳᠡᠶᠢᠯᠭᠦ ᠭᠤᠣᠯᠳᠠᠯᠭ᠎ᠠ ᠲᠠᠢ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠶᠢ ᠠᠳᠬᠤᠪᠠᠯ ᠨᠢᠭᠡ ᠶᠢ ᠪᠦᠲᠦᠭᠡᠵᠦ᠂ ᠲᠠᠷᠢᠶᠠᠴᠢᠨ ᠤᠯᠠᠨ ᠲᠦᠮᠡᠨ ᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠪᠣᠳᠠᠲᠤ ᠠᠰᠢᠭ ᠬᠦᠷᠲᠡᠭᠡᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠭᠦ᠂ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠭᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ᠂ ᠢᠳᠡᠪᠬᠢᠲᠡᠢ ᠤᠷᠤᠭᠰᠢᠯᠠᠨ ᠲᠠᠪᠰᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠰᠠᠬᠢᠯᠭ᠎ᠠ ᠪᠠᠲᠤ ᠶᠣᠰᠣ ᠳᠦᠷᠢᠮ ᠢ ᠦᠨᠡᠨ ᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ᠢᠯᠵᠠᠷᠠᠯ ᠢ ᠡᠰᠡᠷᠭᠦᠴᠡᠬᠦ ᠪᠠ ᠵᠠᠯᠬᠠᠭᠠᠨ ᠰᠢᠢᠳᠬᠡᠬᠦ ᠶᠢ ᠢᠮᠠᠭᠲᠠ ᠲᠤᠭᠤᠰᠢᠯᠠᠭᠤᠯᠵᠤ᠂ ᠢᠯᠵᠠᠷᠠᠯ ᠤᠨ ᠪᠤᠢ ᠪᠤᠯᠬᠤ ᠬᠥᠷᠥᠰᠥ ᠰᠢᠷᠣᠢ ᠪᠠ ᠨᠥᠬᠦᠴᠡᠯ ᠢ ᠲᠠᠰᠤᠷᠠᠯᠲᠠ ᠦᠭᠡᠢ ᠠᠷᠢᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      ᠯᠢ ᠭᠠᠨ ᠵᠢᠶᠧ᠂ ᠾᠧ ᠯᠢ ᠹᠧᠩ ᠵᠢᠴᠢ ᠲᠥᠪ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号