ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽︿ᠲᠠᠪᠤᠨ ᠰᠠᠷ᠎ᠠ ᠶᠢᠨ ᠳᠥᠷᠪᠡᠨ﹀ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠵᠦ ᠭᠠᠶᠢᠯᠢ ᠶᠢᠨ ᠠᠮᠢᠨ ᠰᠦᠨᠡᠰᠦ ᠶᠢ ᠴᠣᠭᠴᠠᠯᠠᠶ᠎ᠠ︾ ᠭᠡᠬᠦ ︽ᠲᠠᠪᠤᠨ ᠰᠠᠷ᠎ᠠ ᠶᠢᠨ ᠳᠥᠷᠪᠡᠨ︾ ᠤ ᠵᠠᠯᠠᠭᠤᠴᠤᠳ ᠤᠨ ᠪᠠᠶᠠᠷ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/26
     ︽ᠲᠠᠪᠤᠨ ᠰᠠᠷ᠎ᠠ ᠶᠢᠨ ᠲᠦᠷᠪᠡᠨ︾ ᠤ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠭᠠᠶᠢᠯᠢ ᠶᠢᠨ ᠶᠠᠪᠤᠳᠠᠯ ᠤᠨ ᠵᠠᠯᠠᠭᠤᠴᠤᠳ ᠤᠨ ᠳᠦᠷᠢ ᠲᠥᠷᠬᠦ ᠶᠢ ᠢᠯᠡᠷᠡᠭᠦᠯᠵᠦ᠂ ᠭᠠᠶᠢᠯᠢ ᠶᠢᠨ ᠶᠠᠪᠤᠳᠠᠯ ᠤᠨ ᠵᠠᠯᠠᠭᠤ ᠨᠠᠰᠤᠨ ᠤ ᠬᠦᠴᠦᠨ ᠴᠢᠳᠠᠯ ᠢ ᠳᠠᠮᠵᠢᠭᠤᠯᠬᠤ ᠶᠢᠨ ᠲᠥᠯᠥᠭᠡ᠂ 2024 ᠣᠨ ᠤ 4 ᠰᠠᠷ᠎ᠠ ᠶᠢᠨ 23  ᠤ ᠡᠳᠦᠷ ᠤᠨ ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽︿ᠲᠠᠪᠤᠨ ᠰᠠᠷ᠎ᠠ ᠶᠢᠨ ᠲᠦᠷᠪᠡᠨ﹀ ᠤ ᠵᠣᠷᠢᠭ ᠰᠠᠨᠠᠭ᠎ᠠ ᠶᠢ ᠤᠯᠠᠮᠵᠢᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠵᠦ ᠭᠠᠶᠢᠯᠢ ᠶᠢᠨ ᠰᠦᠭ ᠰᠦᠨᠡᠰᠦ ᠶᠢ ᠴᠣᠭᠴᠠᠯᠠᠶ᠎ᠠ︾ ᠭᠡᠬᠦ ︽ᠲᠠᠪᠤᠨ ᠰᠠᠷ᠎ᠠ ᠶᠢᠨ ᠲᠦᠷᠪᠡᠨ︾ ᠤ ᠵᠠᠯᠠᠭᠤᠴᠤᠳ ᠤᠨ ᠪᠠᠶᠠᠷ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠯᠠᠭᠤ ᠨᠠᠰᠤᠨ ᠤ ᠨᠡᠷ᠎ᠡ ᠪᠠᠷ ᠴᠠᠭ ᠦᠶ᠎ᠡ ᠶᠢᠨ ᠪᠣᠯᠵᠤᠭ᠎ᠠ ᠳᠤ ᠬᠦᠷᠴᠡᠢ᠃
     ᠵᠠᠯᠠᠭᠤ ᠨᠠᠰᠤᠨ ᠤ ᠬᠦᠴᠦᠨ ᠴᠢᠳᠠᠯ ᠢ ᠬᠥᠭᠵᠢᠭᠡᠵᠦ᠂ ᠬᠤᠪᠢᠰᠬᠠᠯ ᠤᠨ ᠤᠯᠠ ᠮᠥᠷ ᠢ ᠡᠷᠢᠯᠬᠢᠯᠡᠨ᠎ᠡ᠃ ᠲᠣᠪᠴᠢᠶᠠᠨ ᠤ ᠨᠠᠮ ᠤᠨ ᠬᠤᠷᠢᠶ᠎ᠠ ᠠᠴᠠ ᠬᠤᠶᠠᠳᠤᠭᠠᠷ ᠳᠡᠰ ᠤᠨ ᠭᠤᠣᠯᠯᠠᠨ ᠡᠷᠬᠢᠯᠡᠭᠴᠢ ᠵᠠᠩ ᠵᠢᠢ ᠴᠤᠤ ᠨᠥᠬᠦᠷ ᠢ ᠣᠨᠴᠠᠭᠠᠶᠢᠯᠠᠨ ᠤᠷᠢᠵᠤ ᠪᠦᠬᠦ ᠲᠣᠪᠴᠢᠶ᠎ᠠ ᠶᠢᠨ ᠪᠤᠢ ᠪᠦᠬᠦᠢ ᠭᠠᠶᠢᠯᠢ ᠶᠢᠨ ᠶᠠᠪᠤᠳᠠᠯ ᠤᠨ ᠺᠠᠳ᠋ᠷᠴᠤᠳ ᠲᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠬᠤᠪᠢᠰᠬᠠᠯ ᠤᠨ ᠦᠶ᠎ᠡ ᠳᠤ᠂ ᠵᠠᠩ ᠷᠦᠨ ᠰᠢ ᠠᠮᠢ ᠨᠠᠰᠤᠨ ᠤ ᠠᠶᠤᠯ ᠲᠦᠭᠰᠢᠭᠦᠷᠢ ᠶᠢ ᠬᠠᠶᠢᠬᠤᠷᠤᠯ ᠦᠭᠡᠢ ᠪᠠᠷ ᠨᠠᠢᠮᠠᠳᠤᠭᠠᠷ ᠵᠠᠮ ᠤᠨ ᠴᠡᠷᠢᠭ ᠲᠤ ᠢᠳᠡᠰᠢᠨ ᠨᠣᠭᠤᠭ᠎ᠠ᠂ ᠡᠮ ᠤᠨ ᠵᠦᠢᠯ ᠬᠤᠳᠠᠯᠳᠤᠨ ᠠᠪᠴᠤ ᠥᠭᠭᠦᠭᠰᠡᠨ ᠬᠤᠪᠢᠰᠬᠠᠯᠲᠤ ᠦᠯᠢᠭᠡᠷ ᠢ ᠶᠠᠷᠢᠭᠤᠯᠵᠠᠢ᠃ ᠬᠤᠪᠢᠰᠬᠠᠯ ᠤᠨ ᠦᠯᠢᠭᠡᠷ ᠢ ᠶᠠᠷᠢᠬᠤ ᠪᠠᠷ ᠳᠠᠮᠵᠢᠭᠤᠯᠤᠨ᠂ ᠠᠬᠠᠮᠠᠳ ᠨᠢᠭᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠬᠤᠪᠢᠰᠬᠠᠯᠲᠤ ᠵᠣᠷᠢᠭ ᠰᠠᠨᠠᠭ᠎ᠠ ᠪᠣᠯᠣᠨ ᠡᠷᠡᠰ ᠪᠠᠲᠤ ᠢᠲᠡᠭᠡᠯ ᠪᠢᠰᠢᠷᠡᠯ ᠢ ᠣᠶᠢᠯᠠᠭᠠᠵᠤ᠂ ᠥᠷᠭᠡᠨ ᠤᠯᠠᠨ ᠵᠠᠯᠠᠭᠤᠴᠤᠳ ᠤᠨ ᠭᠠᠶᠢᠯᠢ ᠶᠢᠨ ᠺᠠᠳ᠋ᠷᠴᠤᠳ ᠲᠤ ᠬᠤᠪᠢᠰᠬᠠᠯ ᠤᠨ ᠣᠨ ᠰᠠᠷ᠎ᠠ ᠶᠢᠨ ᠲᠡᠷᠡᠬᠦ ᠥᠪᠡᠷᠮᠢᠴᠡ ᠣᠨᠴᠠᠯᠢᠭ ᠲᠠᠢ ︽ᠤᠭ ᠰᠠᠨᠠᠭ᠎ᠠ︾ ᠶᠢ ᠲᠠᠬᠢᠨ ᠡᠷᠭᠢᠴᠡᠭᠦᠯᠵᠡᠢ᠃
     ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ᠂ ᠨᠠᠮ ᠡᠪᠯᠡᠯ ᠤᠨ ᠬᠢᠨ ᠭᠠᠷ ᠬᠤᠯᠪᠣᠨ ᠬᠠᠮᠲᠤᠪᠠᠷ ᠴᠣᠭᠴᠠᠯᠠᠨ᠎ᠠ᠃ ᠦᠳᠡ ᠶᠢᠨ ᠬᠤᠶᠢᠨ᠎ᠠ ᠪᠦᠬᠦ ᠲᠣᠪᠴᠢᠶ᠎ᠠ ᠶᠢᠨ ᠨᠠᠮ ᠤᠨ ᠭᠡᠰᠢᠭᠦᠨ ᠪᠣᠯᠣᠨ ᠡᠪᠯᠡᠯ ᠤᠨ ᠭᠡᠰᠢᠭᠦᠳ ᠬᠥᠬᠡ ᠡᠷᠭᠢ ᠴᠡᠴᠡᠷᠯᠢᠭ ᠤᠨ ᠠᠭᠤᠳᠠᠮ ᠲᠠᠯᠠᠪᠠᠢ ᠳᠤ ︽ᠠᠬᠠᠮᠠᠳ ᠰᠢᠨ᠎ᠡ ᠶᠢ ᠳᠠᠭᠠᠭᠤᠯᠤᠨ ᠨᠠᠮ ᠡᠪᠯᠡᠯ ᠢ ᠬᠠᠮᠲᠤ ᠪᠠᠷ ᠪᠠᠶᠢᠭᠤᠯᠬᠤ︾ ᠴᠠᠭᠠᠰᠤᠨ ᠰᠢᠪᠠᠭᠤ ᠨᠢᠰᠬᠡᠬᠦ ᠠᠵᠢᠯᠯᠠᠭ᠎ᠠ ᠥᠷᠨᠢᠭᠦᠯᠵᠡᠢ᠃ ᠭᠠᠶᠢᠯᠢ ᠶᠢᠨ ᠺᠠᠳ᠋ᠷ ᠰᠡᠳᠬᠢᠯ ᠰᠠᠨᠠᠭ᠎ᠠ ᠪᠠᠨ ᠨᠢᠭᠡᠳᠬᠡᠨ ᠬᠠᠮᠵᠢᠯᠴᠠᠵᠤ᠂ ᠥᠪᠡᠷ ᠤᠨ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠬᠦᠰᠡᠯᠡᠩ ᠢᠶᠠᠨ ᠴᠠᠭᠠᠰᠤᠨ ᠰᠢᠪᠠᠭᠤ ᠪᠠᠷ ᠳᠠᠮᠵᠢᠭᠤᠯᠤᠨ ᠣᠭᠲᠠᠷᠭᠤᠢ ᠳᠤ ᠲᠠᠯᠪᠢᠵᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢᠨ ᠪᠠᠶᠠᠷ ᠪᠠᠶᠠᠰᠤᠯ ᠢ ᠬᠠᠨᠲᠠᠯ᠎ᠠ ᠡᠳ᠋ᠯᠡᠨ᠎ᠡ᠃ ᠴᠠᠭᠠᠰᠤᠨ ᠰᠢᠪᠠᠭᠤ ᠨᠦᠭᠦᠳ ᠤᠨ ᠣᠭᠲᠠᠷᠭᠤᠢ ᠳᠤ ᠬᠠᠯᠢᠨ ᠳᠡᠭᠦᠯᠢᠬᠦ ᠭᠤᠶᠤ ᠰᠠᠶᠢᠬᠠᠨ ᠪᠡᠶ᠎ᠡ ᠪᠠᠶᠢᠳᠠᠯ ᠨᠢ ᠶᠠᠭ ᠭᠠᠶᠢᠯᠢ ᠶᠢᠨ ᠺᠠᠳ᠋ᠷᠴᠤᠳ ᠤᠨ ᠴᠢᠷᠮᠠᠶᠢᠨ ᠲᠡᠮᠡᠴᠡᠵᠦ ᠪᠠᠶᠢᠭ᠎ᠠ ᠪᠡᠶ᠎ᠡ ᠪᠠᠶᠢᠳᠠᠯ ᠰᠢᠭ᠋᠂ ᠰᠢᠨ᠎ᠡ ᠴᠠᠭ ᠦᠶ᠎ᠡ ᠶᠢᠨ ᠭᠠᠶᠢᠯᠢ ᠶᠢᠨ ᠶᠠᠪᠤᠳᠠᠯ ᠤᠨ ᠺᠠᠳ᠋ᠷᠴᠤᠳ ᠤᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠷᠢᠯᠳᠦᠭᠦᠯᠵᠡᠢ᠃ 
     ᠭᠠᠶᠢᠯᠢ ᠶᠢᠨ ᠶᠠᠪᠤᠳᠠᠯ ᠤᠨ ᠵᠠᠯᠠᠭᠤᠴᠤᠳ ᠵᠣᠷᠢᠭᠲᠠᠢ ᠪᠠᠷ ᠬᠠᠷᠢᠭᠤᠴᠠᠯᠭ᠎ᠠ ᠪᠠᠨ ᠡᠭᠦᠷᠭᠡᠯᠡᠵᠦ᠂ ᠵᠠᠯᠠᠭᠤ ᠨᠠᠰᠤ ᠪᠠᠨ ᠦᠯᠦ ᠬᠥᠰᠡᠷᠳᠡᠭᠦᠯᠦᠨ᠂ ᠵᠠᠯᠠᠭᠤ ᠨᠠᠰᠤᠨ ᠤ ᠣᠨ ᠰᠠᠷ᠎ᠠ ᠨᠡᠷᠡᠨ ᠵᠦᠭ ᠲᠤ ᠮᠡᠨᠳᠦᠯᠡᠨ᠎ᠡ᠃ ᠭᠠᠶᠢᠯᠢ ᠲᠠᠲᠠᠪᠤᠷᠢ ᠶᠢᠨ ᠦᠢᠯᠡᠰ ᠤᠨ ᠰᠢᠨ᠎ᠡ ᠠᠶᠠᠨ ᠵᠠᠮ ᠳᠤ᠂ ᠵᠠᠯᠠᠭᠤ ᠺᠠᠳ᠋ᠷ ᠴᠠᠭ ᠲᠣᠬᠢᠶᠠᠯ ᠢ ᠠᠮᠵᠢᠵᠤ᠂ ᠬᠦᠨᠳᠦ ᠡᠭᠦᠷᠭᠡ ᠶᠢ ᠡᠭᠦᠷᠭᠡᠯᠡᠵᠦ᠂ ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠵᠠᠯᠠᠭᠤᠴᠤᠳ ︽5·4︾ ᠤ ᠵᠣᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ ᠭᠠᠶᠢᠯᠢ ᠶᠢᠨ ᠶᠠᠪᠤᠳᠠᠯ ᠤᠨ ᠵᠠᠯᠠᠭᠤᠴᠤᠳ ᠢ ᠤᠷᠢᠶᠠᠯᠠᠨ ᠡᠷᠡᠯᠬᠡᠭᠯᠡᠨ ᠤᠷᠤᠭᠰᠢᠯᠠᠵᠤ᠂ ᠴᠤᠭ ᠪᠠᠳᠠᠷᠠᠩᠭᠤᠢ ᠬᠦᠴᠦᠨ ᠢ ᠨᠢᠭᠲᠠᠷᠠᠭᠤᠯᠵᠤ᠂ ᠴᠠᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠰᠠᠨᠠᠭ᠎ᠠ ᠪᠣᠯᠣᠨ ᠲᠠᠰᠤᠷᠠᠯᠳᠡ ᠦᠭᠡᠢ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠪᠠᠷ ᠴᠠᠭ ᠦᠶ᠎ᠡ ᠶᠢᠨ ᠤᠷᠢᠶᠠᠯᠠᠭ᠎ᠠ ᠳᠤ ᠬᠠᠷᠢᠭᠤ ᠥᠭᠬᠦ ᠪᠣᠯᠣᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号