ᠦᠴᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠠᠵᠤ ᠠᠬᠤᠶᠢᠯᠠᠯ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/26
     ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠤᠨ ᠲᠦᠭᠡᠮᠡᠯᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠵᠡᠯ ᠤᠬᠠᠮᠰᠠᠷ ᠢ ᠴᠢᠩᠭᠠᠷᠠᠭᠤᠯᠬᠤ ᠶᠢᠨ ᠲᠤᠰᠠᠳᠠ᠂ ᠦᠴᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠬᠤ ᠬᠤᠷᠢᠶ᠎ᠠ᠂ ᠢᠲᠡᠭᠡᠮᠵᠢ ᠶᠢᠨ ᠬᠤᠷᠰᠢᠶ᠎ᠠ ᠲᠠᠢ ᠬᠠᠮᠲᠤᠷᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠠᠵᠤ ᠠᠬᠤᠶᠢᠯᠠᠯ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠯᠣᠭᠤᠳᠣᠯᠭ᠎ᠠ ᠪᠠ ᠦᠢᠯᠡᠴᠢᠯᠡᠭᠡ ᠬᠠᠩᠭᠠᠪᠠ᠃      ᠲᠣᠰ ᠤᠳᠠᠭ᠎ᠠ ᠥᠪᠥᠷ ᠮᠣᠩᠭᠤᠯ ᠤᠨ ᠯᠢᠦᠢ ᠭᠧ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠦᠴᠤᠸᠠᠨ ᠰᠢᠶᠠᠨ ᠤ ᠮᠧᠩ ᠭᠧ ᠯᠠᠢ ᠢᠳᠡᠭᠡᠨ ᠤ ᠬᠢᠵᠠᠭᠠᠷᠲᠤ ᠺᠣᠮᠫᠠᠨᠢ᠂ ᠦᠴᠤᠸᠠᠨ ᠰᠢᠶᠠᠨ ᠤ ᡁᠢ ᠪᠠᠩ ᠠᠮᠤ ᠪᠤᠳᠠᠭᠠᠨ ᠤ ᠠᠵᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠢᠶᠠᠷ ᠰᠤᠷᠪᠤᠯᠵᠢᠯᠠᠵᠤ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠬᠠᠭᠤᠯᠵᠤ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠨᠠᠷᠠᠲᠤ ᠲᠥᠷᠥᠯ ᠲᠡᠮᠳᠡᠭᠲᠦ ᠶᠢᠨ ᠶᠠᠰᠤ ᠴᠢᠨᠠᠷ ᠤᠨ ᠲᠠᠯ᠎ᠠ ᠪᠠᠷ ᠬᠢ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠪᠡ᠃ ᠡᠭᠦᠨ ᠤ ᠬᠠᠮᠲᠤ᠂ ᠠᠵᠢᠯᠲᠠᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ ᠲᠡᠮᠳᠡᠭ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠶ ᠠᠰᠢᠭ ᠤᠨ ᠬᠠᠤᠯᠢ︾ ᠵᠢᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠶᠠᠷᠢᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠬᠤᠯᠠᠴᠢᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠭᠡᠶᠢᠯᠡᠬᠦ ᠶᠢᠨ ᠬᠠᠮᠲᠤ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭ᠎ᠠ ᠲᠠᠢ ᠪᠠᠯᠠ ᠲᠣᠬᠢᠷᠠᠭᠤᠯᠭ᠎ᠠ ᠶᠢᠨ ᠲᠤᠬᠠᠶ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠠᠨᠢᠯᠴᠠᠭᠤᠯᠵᠤ᠂ ᠠᠵᠤ ᠠᠬᠤᠶᠢᠯᠠᠯ ᠢ ᠥᠨᠳᠥᠷ ᠥᠷᠲᠡᠭ ᠲᠠᠢ ᠡᠭᠦᠳᠦᠯᠲᠡ ᠶᠢᠨ ᠲᠤᠰᠬᠠᠶ ᠠᠰᠢᠭ ᠢ ᠠᠭᠤᠳᠠᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ︽ᠳᠠᠯᠳᠠ ᠡᠳ᠋ ᠬᠥᠷᠥᠩᠭᠡ︾ ᠶᠢ ᠪᠠᠯᠠ ᠲᠣᠬᠢᠷᠠᠭᠤᠯᠬᠤ ᠠᠵᠤ ᠠᠬᠤᠶᠢᠯᠠᠯ ᠳᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠰᠠᠨᠠᠭᠤᠯᠪᠠ᠃
     ᠲᠣᠰ ᠤᠳᠠᠭᠠᠨ ᠤ ᠠᠵᠢᠯᠯᠠᠭ᠎ᠠ ᠪᠣᠯ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢᠨ ᠨᠢᠭᠡ ᠪᠣᠯᠤᠨ᠎ᠠ᠂ ᠦᠴᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠲᠠᠸᠠᠷ ᠤᠨ ᠲᠡᠮᠳᠡᠭ ᠤᠨ ᠲᠤᠰᠬᠠᠶ ᠠᠰᠢᠭ ᠢ ᠮᠡᠳᠡᠭᠦᠯᠬᠦ ᠢᠳᠡᠪᠬᠢᠵᠢᠯ ᠢ ᠳᠡᠭᠡᠭᠰᠢᠯᠡᠭᠦᠯᠵᠦ᠂ ᠪᠥᠬᠦ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠣᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号