ᠦᠴᠦᠸᠠᠨ ᠰᠢᠶᠠᠨ᠄ ︽ᠵᠢᠵᠢᠭ ᠤᠯᠠᠭᠠᠨ ᠴᠡᠴᠡᠭᠲᠦ ᠨᠡᠶᠢᠲᠡ ᠶᠢᠨ ᠠᠰᠠᠷᠠᠮᠵᠢ ᠶᠢᠨ ᠰᠤᠷᠭᠠᠭᠤᠯᠢ︾ ᠶᠢᠨ ᠤᠷᠠᠨ ᠪᠢᠴᠢᠯᠭᠡ ᠶᠢᠨ ᠪᠣᠯᠪᠠᠰᠤᠷᠠᠭᠤᠯᠤᠯ ᠤᠨ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/4/26
     ᠦᠴᠦᠸᠠᠨ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠭᠰᠡᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠵᠢᠵᠢᠭ ᠤᠯᠠᠭᠠᠨ ᠴᠡᠴᠡᠭᠲᠦ ᠨᠡᠶᠢᠲᠡ ᠶᠢᠨ ᠠᠰᠠᠷᠠᠮᠵᠢ ᠶᠢᠨ ᠰᠤᠷᠭᠠᠭᠤᠯᠢ ᠶᠢᠨ ᠤᠷᠠᠨ ᠪᠢᠴᠢᠯᠭᠡ ᠶᠢᠨ ᠪᠣᠯᠪᠠᠰᠤᠷᠠᠭᠤᠯᠤᠯ ᠤᠨ ᠬᠢᠴᠢᠶᠡᠯ ᠵᠢᠩᠬᠢᠨᠢ ᠪᠠᠷ ᠡᠬᠢᠯᠡᠪᠡ︕ ᠡᠨᠡ ᠪᠣᠯ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠢᠵᠢᠭ ᠤᠯᠠᠭᠠᠨ ᠴᠡᠴᠡᠭᠲᠦ ᠨᠡᠶᠢᠲᠡ ᠶᠢᠨ ᠠᠰᠠᠷᠠᠮᠵᠢ ᠶᠢᠨ ᠰᠤᠷᠭᠠᠭᠤᠯᠢ ᠳᠤ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠪᠠᠰᠠ ᠨᠢᠭᠡᠨ ᠥᠪᠡᠷᠮᠢᠴᠡ ᠣᠨᠴᠠᠯᠢᠭ ᠲᠠᠢ ᠠᠵᠢᠯᠯᠠᠭ᠎ᠠ ᠮᠥᠨ᠂ ᠡᠭᠦᠨ ᠤ ᠬᠠᠮᠲᠤ ᠪᠠᠰᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠪᠰᠤᠷᠤᠨ ᠰᠠᠶᠢᠨ ᠰᠠᠶᠢᠬᠠᠨ ᠳᠦᠷᠢ ᠲᠥᠷᠬᠦ ᠶᠢ ᠨᠢ ᠪᠠᠲᠤᠯᠠᠵᠤ᠂ ᠨᠢᠳᠦ ᠭᠠᠷ ᠤᠨ ᠣᠶᠤᠨ ᠴᠢᠳᠠᠯ ᠢᠶᠠᠨ ᠲᠥᠪᠯᠡᠷᠡᠭᠦᠯᠬᠦ ᠶᠢ ᠳᠡᠭᠡᠭᠰᠢᠯᠡᠭᠦᠯᠦᠨ᠂ ᠲᠡᠰᠪᠦᠷᠢ ᠲᠡᠪᠴᠢᠶᠡᠷᠢ ᠪᠠ ᠰᠥᠰᠥ ᠵᠣᠷᠢᠭ ᠢ ᠨᠢ ᠬᠥᠮᠥᠵᠢᠭᠦᠯᠬᠦ ᠶᠢᠨ ᠲᠥᠯᠥᠭᠡ ᠥᠷᠨᠢᠭᠦᠯᠦᠭᠰᠡᠨ ᠨᠢᠭᠡ ᠵᠦᠢᠯ ᠤᠨ ᠠᠵᠢᠯᠯᠠᠭ᠎ᠠ ᠮᠥᠨ᠃
     ᠬᠢᠴᠢᠶᠡᠯᠯᠡᠬᠦ ᠪᠠᠭᠰᠢ ᠬᠢᠴᠢᠶᠡᠯ ᠤᠨ ᠬᠡᠷᠡᠭᠰᠡᠯ ᠢᠶᠠᠨ ᠠᠰᠢᠭᠯᠠᠨ ᠪᠢᠷ ᠪᠠᠷᠢᠬᠤ ᠳᠦᠷᠢ ᠲᠥᠷᠬᠦ ᠪᠠᠨ ᠳᠡᠯᠭᠡᠨ ᠦᠵᠡᠭᠦᠯᠵᠦ᠂ ᠬᠡᠷᠬᠢᠨ ᠪᠢᠷ ᠬᠡᠷᠡᠭᠯᠡᠬᠦ᠂ ᠵᠢᠱᠢᠶ᠎ᠡ ᠦᠵᠡᠭᠦᠯᠦᠨ ᠪᠢᠴᠢᠬᠦ ᠪᠠᠷ ᠳᠡᠮᠵᠢᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠲᠡᠰᠪᠦᠷᠢ ᠲᠡᠪᠴᠢᠶᠡᠷᠢ ᠪᠠ ᠬᠠᠲᠠᠨ ᠵᠣᠷᠢᠭ ᠢ ᠠᠯᠬᠤᠮ ᠠᠯᠬᠤᠮ ᠢᠶᠠᠷ ᠬᠥᠮᠥᠵᠢᠭᠦᠯᠦᠨ᠎ᠡ᠃ ᠵᠢᠭᠠᠨ ᠰᠤᠷᠭᠠᠯᠲᠠ ᠨᠢ ᠨᠢᠭᠡ ᠦᠰᠦᠭ ᠢ ᠠᠬᠢᠨ ᠳᠠᠬᠢᠨ ᠳᠠᠪᠲᠠᠨ ᠪᠣᠯᠪᠠᠰᠤᠷᠠᠭᠤᠯᠬᠤ ᠪᠠᠷ ᠳᠠᠮᠵᠢᠨ ᠲᠤᠬᠠᠢ ᠶᠢᠨ ᠭᠠᠵᠠᠷ  ᠲᠤᠨᠢ ᠦᠨᠡᠯᠡᠯᠲᠡ ᠬᠢᠵᠦ᠂ ᠬᠡᠦᠬᠡᠳ ᠢ ᠢᠳᠡᠪᠬᠢᠲᠡᠢ ᠪᠠᠷ ᠥᠪᠡᠷ ᠢ ᠪᠠᠨ ᠲᠣᠬᠢᠷᠠᠭᠤᠯᠬᠤ ᠪᠠ ᠡᠷᠭᠢᠴᠡᠭᠦᠯᠦᠨ ᠪᠣᠳᠣᠯᠬᠢᠯᠠᠬᠤ ᠶᠢ ᠱᠠᠭᠠᠷᠳᠠᠵᠤ᠂ ᠪᠢᠴᠢᠬᠦ ᠤᠷ᠎ᠠ ᠳᠡᠮ ᠢ ᠠᠯᠢ ᠴᠢᠳᠠᠬᠤ ᠪᠠᠷ ᠲᠦᠷᠭᠡᠨ ᠡᠵᠡᠮᠰᠢᠭᠦᠯᠦᠨ᠎ᠡ᠃
     ᠬᠡᠦᠬᠡᠳ ᠤᠳ ᠤᠨ ᠵᠠᠷᠢᠮ ᠨᠢ ᠠᠩᠬ᠎ᠠ ᠤᠳᠠᠭ᠎ᠠ ᠦᠰᠦᠨ ᠪᠢᠷ ᠢᠶᠠᠷ ᠦᠰᠦᠭ ᠪᠢᠴᠢᠵᠦ᠂ ᠪᠢᠷ ᠪᠠᠷᠢᠬᠤ ᠳᠠᠭᠠᠨ ᠵᠥᠪ ᠪᠤᠰᠤ ᠪᠤᠶᠤ ᠪᠢᠷ ᠬᠥᠳᠡᠯᠭᠡᠬᠦ ᠳᠡᠭᠡᠨ ᠳᠠᠳᠮᠠᠭᠠᠢ ᠪᠤᠰᠤ ᠪᠠᠶᠢᠯ᠎ᠠ᠂ ᠬᠢᠴᠢᠶᠡᠯ ᠵᠢᠭᠠᠬᠤ ᠪᠠᠭᠰᠢ ᠨᠠᠷ ᠬᠠᠯᠠᠰᠢᠷᠠᠯ ᠦᠭᠡᠢ ᠵᠢᠭᠠᠨ ᠰᠤᠷᠭᠠᠵᠤ᠂ ᠬᠡᠦᠬᠡᠳ ᠤᠳ ᠢᠲᠡᠭᠡᠯ ᠲᠡᠭᠦᠯᠳᠡᠷ ᠰᠤᠷᠴᠤ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠦᠨᠡᠲᠦ ᠡᠷᠳᠡᠨᠢ ᠶᠢ ᠤᠯᠠᠮᠵᠢᠯᠠᠨ ᠵᠠᠯᠭᠠᠮᠵᠢᠯᠠᠬᠤ ᠬᠢᠴᠢᠶᠡᠯ ᠢ ᠥᠩᠭᠡᠷᠡᠭᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号