︽ᠠᠮᠤᠷ ᠲᠦᠪᠰᠢᠨ ᠢᠶᠠᠷ ᠠᠵᠢᠯᠴᠢᠨ ᠬᠡᠷᠡᠭᠯᠡᠬᠦ ᠬᠠᠤᠯᠢ ᠶᠣᠰᠣᠭᠠᠷ ᠠᠵᠢᠯᠴᠢᠨ ᠬᠡᠷᠡᠭᠯᠡᠬᠦ︾ ᠶᠢ ᠤᠯᠠᠮ ᠨᠢᠭᠡ ᠠᠯᠬᠤᠮ ᠲᠥᠯᠥᠪᠵᠢᠭᠦᠯᠬᠦ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2024/4/26
   ᠬᠥᠳᠡᠯᠮᠦᠷᠢ ᠬᠦᠴᠦᠨ ᠬᠡᠷᠡᠭᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠥᠮᠥᠨ ᠬᠡᠷᠡᠭᠯᠡᠬᠦ ᠨᠢᠭᠡᠴᠢ ᠶᠢᠨ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠬᠥᠳᠡᠯᠮᠦᠷᠢ ᠠᠵᠢᠯᠴᠢᠨ ᠬᠡᠷᠡᠭᠯᠡᠬᠦ ᠦᠨᠳᠦᠰᠦᠨ ᠮᠡᠳᠡᠭᠡ ᠵᠠᠩᠭᠢ ᠶᠢ ᠪᠦᠷᠢᠨᠰᠢᠭᠦᠯᠦᠨ᠂ ᠬᠥᠮᠥᠨ ᠬᠡᠷᠡᠭᠯᠡᠬᠦ ᠨᠢᠭᠡᠴᠢ ᠪᠣᠯᠣᠨ ᠬᠥᠳᠡᠯᠮᠦᠷᠢᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠬᠡᠷᠡᠭᠯᠡᠬᠦ ᠬᠡᠪᠴᠢᠶ᠎ᠡ    ᠰᠢᠶᠠᠨ ᠤ ᠬᠡᠪᠴᠢᠶᠡᠨ ᠳᠤ 2 ᠬᠥᠮᠥᠨ ᠠᠴᠠ ᠳᠡᠭᠡᠭᠰᠢ ︵2 ᠬᠥᠮᠥᠨ ᠢ ᠪᠠᠭᠲᠠᠭᠠᠨ᠎ᠠ︶ ᠬᠦᠴᠦ ᠶᠠᠪᠤᠭᠰᠠᠳ ᠢ ᠬᠡᠷᠡᠭᠯᠡᠭᠰᠡᠨ ᠮᠥᠷᠲᠡᠭᠡᠨ ᠵᠢᠩᠬᠢᠨᠢ ᠬᠥᠳᠡᠯᠮᠦᠷᠢ ᠶᠢᠨ ᠭᠡᠷ᠎ᠡ ᠲᠣᠭᠲᠠᠭᠰᠠᠨ ᠦᠭᠡᠢ ᠡᠯ᠎ᠡ ᠠᠵᠤ ᠠᠬᠤᠶᠢᠯᠠᠯ ︵ᠬᠤᠷᠰᠢᠶ᠎ᠠ᠂ ᠳᠠᠷᠢᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ︶᠃    ᠬᠤᠶᠠᠷ᠂ ᠴᠤᠪᠤᠷᠠᠯ ᠢ ᠵᠢᠷᠤᠮᠵᠢᠭᠤᠯᠬᠤ    ᠠᠵᠢᠯᠴᠢᠨ ᠬᠡᠷᠡᠭᠯᠡᠬᠦ ᠳᠡᠭᠡᠨ 2 ᠬᠥᠮᠥᠨ ᠠᠴᠠ ᠳᠡᠭᠡᠭᠰᠢ ︵2 ᠬᠥᠮᠥᠨ ᠢ ᠪᠠᠭᠲᠠᠭᠠᠨ᠎ᠠ︶ ᠬᠥᠳᠡᠯᠮᠦᠷᠢ ᠶᠢᠨ ᠬᠠᠷᠢᠴᠠᠭ᠎ᠠ ᠦᠨᠡᠬᠡᠷ ᠣᠷᠣᠰᠢᠵᠤ ᠪᠠᠶᠢᠭ᠎ᠠ ᠡᠯ᠎ᠡ ᠠᠵᠤ ᠠᠬᠤᠶᠢᠯᠠᠯ ︵ᠬᠤᠷᠰᠢᠶ᠎ᠠ᠂ ᠳᠠᠷᠢᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ︶ ᠨᠢ ᠡᠷᠬᠡᠪᠰᠢ ᠬᠥᠳᠡᠯᠮᠦᠷᠢᠴᠢᠨ ᠲᠠᠢ ᠵᠢᠩᠬᠢᠨᠢ ᠬᠥᠳᠡᠯᠮᠦᠷᠢ ᠶᠢᠨ ᠭᠡᠷ᠎ᠡ ᠲᠣᠭᠲᠠᠬᠤ ᠪᠤᠶᠤ ᠵᠢᠩᠬᠢᠨᠢ ᠬᠥᠳᠡᠯᠮᠦᠷᠢ ᠬᠦᠴᠦᠨ ᠤ ᠺᠣᠮᠫᠠᠨᠢ ᠲᠠᠢ ᠠᠵᠢᠯᠴᠢᠨ ᠬᠡᠷᠡᠭᠯᠡᠬᠦ ᠶᠢ ᠵᠣᠯᠭᠠᠭᠤᠯᠬᠤ ᠬᠡᠷᠡᠭᠲᠡᠢ᠃    ᠰᠢᠶᠠᠨ ᠤ ᠬᠥᠳᠡᠯᠮᠦᠷᠢ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶ᠎ᠠ ᠣᠷᠣᠨ ᠪᠦᠰᠡ ᠶᠢᠨ ᠳᠣᠲᠣᠷᠠᠬᠢ ᠬᠥᠳᠡᠯᠮᠦᠷᠢ ᠶᠢᠨ ᠠᠵᠢᠯᠴᠢᠨ ᠬᠡᠷᠡᠭᠯᠡᠭᠰᠡᠨ ᠪᠠᠶᠢᠳᠠᠯ ᠳᠤ ᠪᠠᠶᠢᠩᠭᠤᠵᠢᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠬᠦ ᠶᠢ ᠬᠠᠷᠢᠭᠤᠴᠠᠨ᠎ᠠ᠃ ᠵᠢᠩᠬᠢᠨᠢ ᠬᠥᠳᠡᠯᠮᠦᠷᠢ ᠶᠢᠨ ᠭᠡᠷ᠎ᠡ ︵ᠵᠥᠪᠯᠡᠯᠴᠡᠭᠡᠷ︶ ᠲᠣᠭᠲᠠᠭᠠᠬᠤ ᠶᠢ ᠲᠡᠪᠴᠢᠭᠰᠡᠨ ᠠᠵᠤ ᠠᠬᠤᠶᠢᠯᠠᠯ ︵ᠬᠤᠷᠰᠢᠶ᠎ᠠ᠂ ᠳᠠᠷᠢᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ︶ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠨ᠎ᠡ᠃                                     ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                       2024 ᠣᠨ ᠤ 4 ᠰᠠᠷ᠎ᠠ ᠶᠢᠨ 25 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号