ᠳᠡᠯᠡᠬᠡᠢ ᠶᠢᠨ ᠬᠠᠮᠤᠭ ᠤᠨ ᠶᠡᠭᠡ ᠴᠡᠪᠡᠷ ᠡᠨᠧᠷᠭᠢ ᠶᠢᠨ ᠬᠤᠩᠭᠢᠯ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠠᠶᠢᠷᠢᠯᠠᠭᠤᠯᠤᠨ ᠳᠠᠭᠤᠰᠬᠠᠪᠠ
ᠨᠡᠶᠢᠲᠡᠯᠡᠭᠰᠡᠨ ᠴᠠᠭ᠄
2024/4/26
     ᠰᠤᠷᠪᠤᠯᠵᠢᠯᠠᠬᠴᠢ 4 ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ ᠬᠥᠬᠡᠮᠥ᠋ᠷᠡᠨ ᠤ ᠭᠤᠷᠪᠠᠨ ᠬᠠᠪᠴᠢᠯ ᠪᠦᠯᠦᠭᠯᠡᠯ ᠠᠴᠠ ᠣᠶᠢᠯᠠᠭᠠᠭᠰᠠᠨ ᠢᠶᠠᠷ᠂ ᠪᠦᠭᠦ ᠪᠥᠮᠪᠥᠷᠴᠡᠭ ᠤᠨ ᠲᠠᠩ ᠮᠠᠰᠢᠨ ᠤ ᠪᠠᠭᠲᠠᠭᠠᠮᠵᠢ ᠶᠢᠨ ᠬᠠᠮᠤᠭ ᠤᠨ ᠶᠡᠭᠡ ᠴᠢᠳᠠᠮᠵᠢ ᠨᠢ ᠵᠠᠭᠤᠨ ᠲᠦᠮᠡᠨ ᠺᠢᠯᠣᠸᠠᠲ ᠪᠤᠯᠬᠤ ᠤᠰᠤᠨ ᠲᠦᠷᠪᠢᠨ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠦᠢᠯᠡᠳᠪᠦᠷᠢᠯᠡᠯ ᠤᠨ ᠲᠤᠭ᠎ᠠ ᠪᠠᠷᠢᠮᠲᠠ ᠶᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠳᠤ ᠬᠦᠷᠭᠡᠬᠦ ᠶᠢ ᠳᠠᠭᠠᠯᠳᠤᠨ᠂ ᠶᠢᠨ ᠱᠠ ᠵᠢᠶᠠᠩ ᠮᠥᠷᠡᠨ ᠤ ᠪᠠᠢ ᠾᠧ ᠲᠠᠨ ᠤᠰᠤᠨ ᠴᠠᠭᠢᠯᠭᠠᠨ ᠥᠷᠲᠡᠭᠡ ᠶᠢᠨ ᠦᠢᠯᠡᠳᠪᠦᠷᠢ ᠶᠢᠨ ᠦᠢᠯᠡᠳᠪᠦᠷᠢ ᠥᠷᠲᠡᠭᠡ ᠶᠢᠨ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠪᠠ᠃ ᠢᠩᠭᠢᠭᠡᠳ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠬᠥᠬᠡᠮᠥ᠋ᠷᠡᠨ ᠤ ᠭᠤᠣᠯ ᠤᠷᠤᠰᠬᠠᠯ ᠤᠨ ᠵᠢᠷᠭᠤᠭᠠᠨ ᠰᠠᠭᠤᠷᠢ ᠱᠠᠲᠤᠯᠢᠭ ᠳᠡᠰ ᠤᠨ ᠤᠰᠤᠨ ᠴᠠᠭᠢᠯᠭᠠᠨ ᠥᠷᠲᠡᠭᠡ ᠳᠤ ᠨᠢᠭᠡᠨᠲᠡ ᠪᠦᠭᠦᠨ ᠢ ᠪᠠᠶᠢᠷᠢᠯᠠᠭᠤᠯᠤᠨ ᠳᠠᠭᠤᠰᠬᠠᠵᠤ᠂ ᠳᠡᠯᠡᠬᠡᠢ ᠳᠡᠭᠡᠷᠡᠬᠢ ᠬᠠᠮᠤᠭ ᠤᠨ ᠲᠣᠮᠣ ᠴᠡᠪᠡᠷ ᠡᠨᠧᠷᠭᠢ ᠶᠢᠨ ᠬᠤᠩᠭᠢᠯ ᠤᠨ ︽ᠠᠵᠤ ᠦᠢᠯᠡᠳᠪᠦᠷᠢ ᠶᠢᠨ ᠶᠡᠭᠡ ᠲᠠᠷᠢᠬᠢ︾ ᠦᠨᠳᠦᠰᠦᠨ ᠳᠡᠭᠡᠨ ᠪᠠᠶᠢᠭᠤᠯᠤᠭᠳᠠᠭᠰᠠᠨ ᠢ ᠬᠠᠷᠠᠭᠤᠯᠪᠠ᠃      ᠳᠡᠯᠡᠬᠡᠢ ᠶᠢᠨ ᠬᠠᠮᠤᠭ ᠤᠨ ᠶᠡᠭᠡ ᠴᠡᠪᠡᠷ ᠡᠨᠧᠷᠭᠢ ᠶᠢᠨ ᠬᠤᠩᠭᠢᠯ ᠪᠣᠯ ᠬᠥᠬᠡᠮᠥ᠋ᠷᠡᠨ ᠤ ᠭᠤᠣᠯ ᠤᠷᠤᠰᠬᠠᠯ ᠪᠤᠯᠬᠤ ᠦ᠋ ᠳ᠋ᠦᠩ ᠳ᠋ᠧ᠂ ᠪᠠᠢ ᠾᠧ ᠲᠠᠨ᠂ ᠰᠢ ᠯᠥᠸᠧ ᠳ᠋ᠦ᠋᠂ ᠰᠢᠶᠠᠩ ᠵᠢᠶᠠ ᠪᠠ᠂ ᠭᠤᠷᠪᠠᠨ ᠬᠠᠪᠴᠢᠯ ᠪᠣᠯᠣᠨ ᠭᠧ ᠵᠧᠦ ᠪᠠ ᠵᠡᠷᠭᠡ ᠵᠢᠷᠭᠤᠭᠠᠨ ᠱᠠᠲᠤᠯᠢᠭ ᠲᠠᠰ ᠤᠨ ᠥᠷᠲᠡᠭᠡ ᠪᠠᠷ ᠪᠦᠷᠢᠯᠳᠦᠵᠦ᠂ 2022 ᠣᠨ ᠤ 12 ᠰᠠᠷ᠎ᠠ ᠶᠢᠨ 20 ᠤ ᠡᠳᠦᠷ ᠪᠦᠭᠦ ᠲᠠᠯ᠎ᠠ ᠪᠠᠷ ᠪᠠᠶᠢᠭᠤᠯᠵᠤ ᠳᠠᠭᠤᠰᠬᠠᠪᠠ᠃ ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ᠂ ᠬᠥᠬᠡᠮᠥ᠋ᠷᠡᠨ ᠤ ᠭᠤᠷᠪᠠᠨ ᠬᠠᠪᠴᠢᠯ ᠪᠦᠯᠦᠭᠯᠡᠯ ᠤᠨ ᠬᠠᠷᠢᠶ᠎ᠠ ᠬᠥᠬᠡᠮᠥ᠋ᠷᠡᠨ ᠤ ᠴᠠᠭᠢᠯᠭᠠᠨ ᠬᠦᠴᠦᠨ ᠤ ᠺᠤᠮᠫᠠᠨᠢ ︽ᠠᠵᠤ ᠦᠢᠯᠡᠳᠪᠦᠷᠢ ᠶᠢᠨ ᠶᠡᠭᠡ ᠲᠠᠷᠢᠬᠢ︾ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ᠂ ᠣᠶᠤᠨᠴᠢ ᠪᠠᠷ ᠠᠵᠢᠯᠯᠠᠭᠤᠯᠵᠤ  ᠬᠠᠮᠠᠭᠠᠯᠠᠬᠤ᠂ ᠣᠶᠤᠨᠴᠢ ᠪᠠᠷ  ᠪᠠᠶᠢᠴᠠᠭᠠᠨ ᠵᠠᠰᠠᠬᠤ᠂ ᠣᠶᠤᠨᠴᠢ ᠪᠠᠷ ᠲᠣᠬᠢᠷᠠᠭᠤᠯᠬᠤ᠂ ᠣᠶᠤᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠪᠦᠭᠦ ᠲᠤᠬᠠᠶᠢᠯᠠᠭᠰᠠᠨ ᠠᠵᠢᠯ ᠤᠨ ᠪᠠᠶᠢᠳᠠᠯ ᠳᠤ ᠭᠦᠨᠵᠡᠭᠡᠢ ᠬᠦᠴᠦᠨ ᠴᠢᠳᠠᠯ ᠣᠯᠭᠤᠵᠤ᠂ ᠲᠥᠬᠦᠭᠡᠷᠦᠮᠵᠢ ᠶᠢ ᠣᠶᠤᠨᠴᠢ ᠪᠠᠷ ᠠᠵᠢᠯᠯᠠᠭᠤᠯᠵᠤ ᠬᠠᠮᠠᠭᠠᠯᠠᠬᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠨᠢᠭᠡ ᠦᠶ᠎ᠡ ᠶᠢᠨ ᠤᠰᠤᠨ ᠴᠠᠭᠢᠯᠭᠠᠨ ᠤ ᠥᠷᠲᠡᠭᠡ ᠶᠢᠨ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃      ︽ᠰᠠᠪᠠ ᠭᠠᠵᠠᠷ ᠤᠨ ᠲᠣᠮᠣ ᠭᠡᠯᠪᠡᠷᠢ ᠶᠢᠨ ᠴᠠᠭᠢᠯᠭᠠᠨ ᠥᠷᠲᠡᠭᠡᠨ ᠤ ᠪᠦᠯᠦᠭᠵᠢᠯ ᠤᠨ ᠡᠵᠡᠩᠨᠡᠯᠲᠡ ᠶᠢᠨ ᠲᠣᠬᠢᠷᠠᠭᠤᠯᠤᠯᠲᠠ ᠨᠢ ︿ᠤᠰᠤ᠂ ᠮᠠᠰᠢᠨ᠂ ᠴᠠᠭᠢᠯᠭᠠᠨ﹀ ᠵᠡᠷᠭᠡ ᠣᠯᠠᠨ ᠭᠤᠭᠴᠤᠭ᠎ᠠ ᠳᠤ ᠬᠤᠯᠪᠣᠭᠳᠠᠵᠤ᠂ ᠬᠡᠪᠴᠢᠶ᠎ᠡ ᠨᠢ ᠯᠤᠲᠤ ᠶᠡᠭᠡ᠂ ᠴᠠᠭ ᠬᠤᠭᠤᠴᠠᠭ᠎ᠠ ᠣᠷᠣᠨ ᠵᠠᠢ ᠨᠢ ᠬᠤᠪᠢᠷᠠᠯᠲᠠ ᠶᠡᠬᠡᠲᠡᠢ᠂ ᠣᠷᠣᠨ ᠪᠦᠰᠡ ᠠᠯᠤᠰᠯᠠᠵᠤ ᠰᠦᠯᠵᠢᠶ᠎ᠡ ᠠᠯᠤᠰᠯᠠᠵᠤ᠂ ᠪᠦᠲᠦᠴᠡ ᠨᠢ ᠪᠤᠳᠤᠯᠢᠶᠠᠨᠲᠠᠢ ᠪᠠᠶᠢᠳᠠᠭ︾᠃ ᠬᠥᠬᠡᠮᠥ᠋ᠷᠡᠨ ᠤ ᠴᠠᠭᠢᠯᠭᠠᠨ ᠬᠦᠴᠦᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠭᠠᠨ ᠤ ᠲᠥᠪ ᠤᠨ ᠳᠡᠳ᠋ ᠡᠷᠭᠢᠯᠡᠭᠴᠢ ᠲᠠᠩ ᠵᠧᠩ ᠶᠠᠩ᠂ ︽ᠵᠢᠷᠭᠤᠭᠠᠨ ᠰᠠᠭᠤᠷᠢ ᠱᠠᠲᠤᠯᠢᠭ ᠳᠡᠰ ᠤᠨ ᠴᠠᠭᠢᠯᠭᠠᠨ ᠥᠷᠲᠡᠭᠡ ᠶᠢ ᠪᠦᠭᠦ ᠲᠠᠯ᠎ᠠ ᠪᠠᠷ ᠬᠠᠮᠵᠢᠯᠴᠠᠨ ᠰᠢᠯᠢᠳᠡᠭᠵᠢᠭᠦᠯᠬᠦ ᠪᠣᠯ ᠳᠡᠯᠡᠬᠡᠢ ᠶᠢᠨ ᠲᠠᠰ ᠤᠨ ᠬᠦᠴᠢᠷ ᠠᠰᠠᠭᠤᠳᠠᠯ ᠪᠣᠯᠣᠨ᠎ᠠ᠂ ᠡᠶᠢᠮᠦ ᠠᠴᠠ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ ᠶᠢᠨ ᠵᠠᠭᠪᠤᠷ ᠵᠡᠷᠭᠡ ᠲᠡᠷᠢᠭᠦᠨ ᠤ ᠮᠡᠷᠭᠡᠵᠢᠯ ᠳᠤ ᠲᠦᠰᠢᠭᠯᠡᠨ᠂ ᠤᠰᠤᠨ ᠴᠠᠭᠢᠯᠭᠠᠨ ᠤ ︿ᠠᠵᠤ ᠦᠢᠯᠡᠳᠪᠦᠷᠢ ᠶᠢᠨ ᠶᠡᠭᠡ ᠲᠠᠷᠢᠬᠢ﹀ ᠶᠢ ᠪᠠᠶᠢᠭᠤᠯᠬᠤ ᠬᠡᠷᠡᠭᠲᠡᠢ︾ ᠭᠡᠪᠡ᠃      ︽︿ᠠᠵᠤ ᠦᠢᠯᠡᠳᠪᠦᠷᠢ ᠶᠢᠨ ᠶᠡᠭᠡ ᠲᠠᠷᠢᠬᠢ﹀ ᠶᠢ ᠰᠠᠪᠠ ᠭᠠᠵᠠᠷ ᠤᠨ ᠴᠠᠭᠢᠯᠭᠠᠨ ᠥᠷᠲᠡᠭᠡᠨ ᠤ ᠪᠦᠯᠦᠭᠵᠢᠯ ᠳᠤ ᠬᠡᠷᠡᠭᠯᠡᠭᠰᠡᠨ ᠤ ᠳᠠᠷᠠᠭ᠎ᠠ᠂ ᠴᠠᠭᠢᠯᠭᠠᠨ ᠥᠷᠲᠡᠭᠡᠨ ᠤ ᠡᠵᠡᠩᠨᠡᠯᠲᠡ ᠶᠢᠨ ᠦᠷ᠎ᠡ ᠪᠦᠲᠦᠮᠵᠢ᠂ ᠠᠵᠢᠯᠯᠠᠭᠠᠨ ᠤ ᠠᠮᠤᠷ ᠲᠦᠪᠰᠢᠨ ᠤ ᠨᠠᠶᠢᠳᠠᠪᠤᠷᠢᠲᠤ ᠴᠢᠨᠠᠷ ᠶᠡᠭᠡ ᠪᠠᠷ ᠳᠡᠭᠡᠭᠰᠢᠯᠡᠵᠦ᠂ ᠰᠠᠪᠠ ᠭᠠᠵᠠᠷ ᠤᠨ ᠴᠠᠭᠢᠯᠭᠠᠨ ᠥᠷᠲᠡᠭᠡᠨ ᠤ ᠡᠵᠡᠩᠨᠡᠯᠲᠡ ᠶᠢᠨ ᠥᠪᠡᠷ ᠤᠨ ᠥᠷᠲᠡᠭ ᠡᠳᠦᠢ ᠲᠡᠳᠦᠢ ᠪᠠᠭᠤᠷᠠᠵᠤ᠂ ᠣᠶᠤᠨᠴᠢ ᠬᠡᠷᠡᠭᠯᠡᠭᠡ ᠶᠢ ᠨᠡᠭᠡᠭᠡᠨ ᠬᠥᠭᠵᠢᠭᠦᠯᠬᠦ ᠦᠶᠡᠯᠡᠯ ᠤᠨ ᠬᠤᠭᠤᠴᠠᠭ᠎ᠠ ᠶᠡᠭᠡ ᠪᠠᠷ ᠪᠣᠭᠤᠨᠢᠰᠪᠠ︾᠃ ᠬᠥᠬᠡᠮᠥ᠋ᠷᠡᠨ ᠤ ᠴᠠᠭᠢᠯᠭᠠᠨ ᠬᠦᠴᠦᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠭᠠᠨ ᠤ ᠲᠥᠪ ᠤᠨ ᠡᠷᠭᠢᠯᠡᠭᠴᠢ ᠯᠢ ᠶᠢᠦ ᠫᠢᠩ᠂ ᠰᠤᠳᠤᠯᠭᠠᠨ ᠤ ᠲᠥᠪ ᠡᠭᠦᠨ ᠢᠶᠠᠷ ᠰᠠᠭᠤᠷᠢ ᠪᠤᠯᠭᠠᠵᠤ᠂ ᠤᠰᠤᠨ ᠴᠠᠭᠢᠯᠭᠠᠨ ᠤ ᠳᠤᠭᠠᠴᠢᠯᠠᠯᠳᠠ ᠲᠡᠶᠢᠰᠢ ᠭᠡᠯᠪᠡᠷᠢ  ᠪᠠᠨ ᠬᠤᠪᠢᠷᠠᠭᠤᠯᠬᠤ ᠶᠢ ᠦᠷᠭᠦᠯᠵᠢᠯᠡᠨ ᠰᠦᠪᠡᠭᠴᠢᠯᠡᠨ ᠦᠢᠯᠡᠳᠦᠯᠭᠡᠵᠢᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号