ᠦᠴᠦᠸᠠᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠲᠠᠪᠤᠨ ᠰᠠᠷ᠎ᠠ ᠶᠢᠨ ᠨᠢᠭᠡᠨ ᠤ ᠪᠠᠶᠠᠷ ᠢ ᠪᠡᠯᠭᠡᠯᠡᠬᠦ ᠪᠥᠬᠦ ᠰᠢᠶᠠᠨ ᠤ ᠺᠠᠳ᠋ᠷ ᠠᠵᠢᠯᠲᠠᠨ ᠠᠵᠢᠯᠴᠢᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 26 ᠤ ᠡᠳᠦᠷ᠂ ᠦᠴᠦᠸᠠᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ ︽5·1︾  ᠢ ᠪᠡᠯᠭᠡᠯᠡᠬᠦ ᠪᠦᠬᠦ ᠰᠢᠶᠠᠨ ᠤ ᠺᠠᠳ᠋ᠷ ᠠᠵᠢᠯᠲᠠᠨ ᠠᠵᠢᠯᠴᠢᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠥᠷᠨᠢᠭᠦᠯᠵᠦ᠂ ᠪᠦᠬᠦ ᠰᠢᠶᠠᠨ ᠤ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ 500 ᠭᠠᠷᠤᠢ ᠺᠠᠳ᠋ᠷ ᠠᠵᠢᠯᠲᠠᠨ ᠠᠵᠢᠯᠴᠢᠨ ᠣᠷᠣᠯᠴᠠᠪᠠ᠃
     ᠤᠷᠤᠯᠳᠤᠭᠠᠨ ᠤ ᠳᠤᠮᠳᠠ᠂ ᠤᠷᠤᠯᠳᠤᠭᠠᠨ ᠳᠤ ᠣᠷᠣᠯᠴᠠᠭᠰᠠᠨ ᠠᠵᠢᠯᠲᠠᠨ ᠠᠵᠢᠯᠴᠢᠨ ᠣᠷᠭᠢᠯᠤᠮ᠎ᠠ ᠬᠠᠯᠠᠭᠤᠨ ᠰᠡᠳᠬᠢᠯᠭᠡ᠂ ᠣᠷᠭᠢᠯᠤᠮ᠎ᠠ ᠬᠠᠯᠠᠭᠤᠨ ᠣᠪᠣᠷ ᠪᠠᠶᠢᠳᠠᠯ᠂ ᠢᠳᠡᠷᠡᠭᠦᠨ ᠠᠯᠬᠤᠭ᠎ᠠ ᠪᠠᠷ ᠢᠳᠡᠪᠬᠢᠲᠡᠢ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠦᠭᠰᠡᠨ ᠪᠠᠶᠢᠨ᠎ᠠ᠃ ᠵᠠᠮ ᠲᠤᠷᠰᠢ᠂ ᠣᠯᠠᠨ ᠢᠶᠠᠷ ᠢᠶᠠᠨ ᠪᠠᠶᠠᠷ ᠬᠥᠷ ᠲᠠᠢ ᠬᠥᠩᠭᠡᠨ ᠠᠯᠬᠤᠭ᠎ᠠ ᠪᠠᠷ ᠳᠥᠷᠪᠡᠨ ᠰᠠᠷ᠎ᠠ ᠶᠢᠨ ᠰᠠᠶᠢᠬᠠᠨ ᠦᠵᠡᠮᠵᠢ ᠶᠢ ᠣᠶᠢᠯᠠᠭᠠᠵᠤ᠂ ᠳᠠᠷᠤᠯᠲᠠ ᠪᠠᠨ ᠬᠥᠩᠭᠡᠷᠡᠭᠦᠯᠵᠦ᠂ ᠢᠳᠡᠷᠡᠭᠦᠨ ᠠᠯᠬᠤᠭ᠎ᠠ ᠶᠢᠨ ᠠᠪᠴᠢᠷᠠᠭᠰᠠᠨ ᠬᠢᠵᠠᠭᠠᠯᠠᠰᠢ ᠦᠭᠡᠢ ᠪᠠᠶᠠᠷ ᠪᠠᠶᠠᠰᠤᠯ ᠢ ᠮᠡᠳᠡᠷᠡᠵᠦ ᠪᠠᠶᠢᠯ᠎ᠠ᠃
     ᠨᠢᠭᠡ ᠤᠳᠠᠭᠠᠨ ᠤ ᠥᠷᠢᠰᠦᠯᠳᠦᠭᠡᠨ ᠢᠶᠠᠷ ᠳᠡᠮᠵᠢᠨ᠂ ᠠᠵᠢᠯᠯᠠᠭ᠎ᠠ ᠨᠢ ᠡᠴᠦᠰ ᠲᠡᠭᠡᠨ ᠡᠷᠡᠭᠲᠡᠢ ᠶᠢᠨ ᠳᠤᠭᠤᠶᠢᠯᠠᠩ ᠤᠨ ᠡᠮᠦᠨ᠎ᠡ ᠠᠷᠪᠠᠨ ᠵᠢᠷᠭᠤᠭᠠᠨ ᠨᠡᠷᠡᠰ ᠵᠢᠴᠢ ᠡᠮᠡᠭᠲᠡᠢ ᠶᠢᠨ ᠳᠤᠭᠤᠶᠢᠯᠠᠩ ᠤᠨ ᠡᠮᠦᠨ᠎ᠡ ᠠᠷᠪᠠᠨ ᠵᠢᠷᠭᠤᠭᠠᠨ ᠨᠡᠷᠡᠰ ᠢ ᠰᠢᠯᠭᠠᠷᠠᠭᠤᠯᠵᠤ᠂ ᠲᠡᠳᠡᠨ ᠳᠤ ᠤᠷᠤᠯᠳᠤᠭᠠᠨ ᠤ ᠱᠠᠩᠨᠠᠯ ᠣᠯᠭᠤᠵᠠᠢ᠃
     ᠲᠣᠰ ᠤᠳᠠᠭᠠᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠨᠢ ᠠᠵᠢᠯᠲᠠᠨ ᠠᠵᠢᠯᠴᠢᠨ ᠤ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠪᠡᠶ᠎ᠡ ᠰᠡᠳᠬᠢᠯ ᠢ ᠨᠢ ᠲᠠᠶᠢᠪᠤᠰᠢᠷᠠᠭᠤᠯᠤᠭᠰᠠᠨ ᠮᠥᠷᠲᠡᠭᠡᠨ ᠪᠠᠰᠠ ᠥᠷᠭᠡᠨ ᠣᠯᠠᠨ ᠠᠵᠢᠯᠲᠠᠨ ᠠᠵᠢᠯᠴᠢᠨ ᠤ ᠡᠩ ᠤᠨ ᠴᠠᠭ ᠤᠨ ᠠᠵᠢᠯ ᠳᠤ ᠬᠥᠳᠡᠯᠭᠡᠭᠡᠨ ᠤ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠤᠨ᠂ ᠠᠵᠢᠯᠲᠠᠨ ᠠᠵᠢᠯᠴᠢᠨ ᠢ ᠨᠠᠩ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠪᠠ ᠡᠷᠡᠭᠦᠯ ᠴᠢᠭᠢᠷᠠᠭ ᠪᠡᠶ᠎ᠡ ᠮᠠᠬᠠᠪᠤᠳ ᠢᠶᠠᠷ ᠠᠵᠢᠯ ᠠᠮᠢᠳᠤᠷᠠᠯ ᠳᠠᠭᠠᠨ ᠣᠷᠣᠯᠴᠠᠭᠤᠯᠤᠭᠰᠠᠨ ᠪᠠᠶᠢᠨ᠎ᠠ᠃ ︵ᠰᠤᠷᠪᠤᠯᠵᠢᠯᠠᠭᠴᠢ᠄ ᠶᠢᠨ ᠫᠢᠩ ᠬᠥᠩ ᠨᠠᠨ ᠴᠢᠶᠣᠤ ᠳ᠋ᠦᠩ ᠳ᠋ᠦᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号