2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠮᠠᠨ ᠤ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/4/28
     4 ᠳ᠋ᠦ᠋ᠭᠡᠷ ᠰᠠᠷ᠎ᠠ ᠶᠢᠨ 25 ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠮᠠᠨ ᠤ ᠰᠢᠶᠠᠨ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠥᠪ ᠤᠨ ᠡᠷᠬᠢᠯᠡᠭᠴᠢ ᠹᠦ᠋ ᠺᠦᠢ ᠱᠧᠩ ᠵᠢᠴᠢ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠡᠮᠴᠢᠯᠡᠭᠡᠨ ᠤ ᠳᠠᠭᠠᠳᠬᠠᠯ ᠤᠨ ᠲᠥᠪ ᠤᠨ ᠬᠠᠮᠢᠶ᠎ᠠ ᠪᠦᠬᠦᠢ ᠠᠵᠢᠯᠲᠠᠨ ᠵᠢᠴᠢ ᠮᠠᠨ ᠤ ᠰᠢᠶᠠᠨ ᠤ ᠤᠳᠤᠷᠢᠳᠤᠯᠭ᠎ᠠ ᠶᠦᠨ ᠰᠢᠶᠣᠣ ᠮᠢᠨ᠂ ᠰᠢᠶᠠᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃      ᠬᠤᠷᠠᠯ ᠳᠤ ᠣᠷᠣᠯᠴᠠᠭᠰᠠᠳ ᠮᠠᠨ ᠤ ᠰᠢᠶᠠᠨ ᠤ ᠳᠡᠭᠡᠷ᠎ᠡ ᠲᠣᠬᠤᠢ ᠰᠢᠶᠠᠩ ᠤᠨ ᠰᠠᠨ ᠵᠢᠶᠠᠨ ᠹᠠᠩ ᠲᠣᠰᠬᠤᠨ ᠪᠣᠯᠣᠨ ᠬᠥᠬᠡ ᠡᠷᠭᠢ ᠪᠠᠯᠭᠠᠰᠤᠨ ᠤ ᠵᠢᠦᠢ ᠽᠢ ᠬᠤᠣ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠲᠣᠭᠤᠷᠢᠨ ᠦᠵᠡᠵᠦ᠂ ᠡᠭᠦᠨ ᠤ ᠬᠠᠮᠲᠤ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠪᠠᠷ ᠳᠡᠮᠵᠢᠨ᠂ ᠮᠠᠨ ᠤ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠣᠶᠢᠯᠠᠭᠠᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠪᠠᠲᠤᠯᠠᠭ᠎ᠠ ᠶᠢᠨ ᠴᠡᠭ ᠲᠣᠭᠲᠠᠭᠠᠨ ᠬᠠᠮᠢᠶᠠᠷᠬᠤ ᠳᠤ ᠣᠷᠣᠭᠤᠯᠬᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠴᠡᠭ ᠤᠨ ᠪᠠᠶᠢᠭᠤᠯᠤᠯᠲᠠ ᠶᠢ ᠬᠤᠯᠪᠤᠭᠠᠯᠠᠨ ᠳᠠᠭᠠᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ  ᠵᠡᠷᠭᠡ ᠠᠭᠤᠯᠭ᠎ᠠ ᠶᠢ ᠣᠶᠢᠯᠭᠠᠪᠠ᠃      ᠣᠶᠢᠯᠠᠭᠠᠭᠰᠠᠨ ᠢᠶᠠᠷ᠂ ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ᠂ ᠶᠠᠪᠤᠴᠠ ᠶᠢ ᠰᠢᠯᠢᠳᠡᠭᠵᠢᠭᠦᠯᠬᠦ᠂ ᠪᠣᠭᠤᠮᠲᠠ ᠶᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ︽ᠣᠯᠠᠨ ᠲᠦᠮᠡᠨ ᠬᠠᠮᠢᠭ᠎ᠠ ᠪᠠᠶᠢᠪᠠᠯ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠲᠡᠨᠳᠡ ᠪᠠᠶᠢᠯᠭᠠᠨ᠎ᠠ︾ ᠭᠡᠬᠦ ᠠᠵᠢᠯ ᠤᠨ ᠤᠳᠤᠷᠢᠳᠤᠮᠵᠢ ᠪᠠᠷ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠲᠣᠰᠬᠤᠨ ᠤ ᠱᠠᠲᠤᠨ ᠳᠤ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠨ ᠰᠢᠭᠤᠳ ᠳ᠋ᠦᠩᠨᠡᠨ ᠪᠤᠳᠤᠬᠤ ᠶᠢ ᠨᠠᠪᠲᠠᠷᠡᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠴᠡᠭ ᠢ ᠬᠤᠯᠪᠤᠭᠠᠯᠠᠨ ᠪᠠᠶᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠶᠢ ᠥᠷᠨᠢᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾ ᠢ ᠨᠡᠪᠲᠡᠷᠡᠭᠦᠯᠦᠨ᠎ᠡ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠶᠢ ᠪᠠᠷᠢᠮᠲᠠᠯᠠᠨ᠂ ᠠᠷᠠᠳ ᠲᠤ ᠲᠥᠬᠦᠮ ᠦᠵᠡᠭᠦᠯᠬᠦ ᠰᠠᠶᠢᠨ ᠶᠠᠪᠤᠳᠠᠯ ᠢ ᠪᠣᠳᠠᠲᠠᠢ ᠪᠠᠷ ᠬᠢᠵᠦ᠂ ᠣᠯᠠᠨ ᠲᠦᠮᠡᠨ ᠳᠤ ᠲᠥᠬᠦᠮ ᠳᠥᠲᠡ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠢ᠂ ᠰᠡᠳᠬᠢᠯ ᠳᠤᠯᠠᠭᠠᠬᠠᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠡᠳ᠋ᠯᠡᠭᠦᠯᠬᠦ ᠪᠠᠷ ᠴᠢᠷᠮᠠᠶᠢᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠥᠴᠥᠬᠡᠨ ᠴᠦ ᠵᠠᠢ ᠦᠭᠡᠢ᠂ ᠠᠷᠠᠳ ᠣᠯᠠᠨ ᠳᠤ ᠵᠣᠯ ᠵᠢᠷᠭᠠᠯ ᠡᠳ᠋ᠯᠡᠭᠦᠯᠬᠦ ᠶᠢ ᠦᠨᠡᠨᠬᠦ ᠪᠡᠶᠡᠯᠡᠭᠦᠯᠦᠨ᠎ᠡ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号