ᠥᠪᠡᠷᠲᠡᠭᠡᠨ ᠵᠠᠰᠠᠬᠤ ᠣᠷᠣᠨ ᠦᠴᠦᠸᠠᠨ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠡᠷᠭᠦᠭᠡᠨ ᠪᠠᠶᠢᠭᠤᠯᠬᠤ ᠳᠤ ᠲᠤᠬᠠᠢ ᠶᠢᠨ ᠲᠠᠯᠠᠪᠠᠢ ᠶᠢᠨ ᠬᠢᠨᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/4/28
     4 ᠳ᠋ᠦ᠋ᠭᠡᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠲᠦᠷᠦᠭᠦᠯᠡᠨ ᠦᠴᠦᠸᠠᠨ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠬᠤᠷᠠᠯ ᠢ ᠡᠷᠭᠢᠯᠡᠪᠡ᠃      ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠲᠤᠬᠠᠢ ᠶᠢᠨ ᠭᠠᠵᠠᠷ ᠤᠨ ᠬᠢᠨᠠᠨ ᠪᠠᠶᠢᠴᠠᠭᠠᠯᠲᠠ ᠬᠢᠭᠰᠡᠨ ᠪᠥᠭᠡᠳ ᠮᠠᠨ ᠤ ᠰᠢᠶᠠᠨ ᠤ ᠰᠡᠷᠭᠦᠭᠡᠨ ᠪᠠᠶᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠦᠴᠦᠸᠠᠨ ᠤ ᠠᠵᠤ ᠦᠢᠯᠡᠳᠪᠦᠷᠢ ᠶᠢᠨ ᠲᠣᠭᠤᠷᠢᠭ ᠤᠨ ᠢᠷᠡᠭᠡᠳᠦᠢ ᠶᠢᠨ ᠶᠡᠷᠦᠩᠬᠡᠢ ᠲᠥᠯᠦᠪᠵᠢᠭᠦᠯᠭᠡ ᠶᠢᠨ ᠲᠣᠭᠤᠷᠢᠨ ᠳᠤ ᠶᠠᠷᠢᠶ᠎ᠠ ᠲᠠᠯᠪᠢᠵᠤ᠂ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠳᠤᠷᠠᠳᠪᠠ᠃      ᠣᠶᠢᠯᠠᠭᠠᠭᠰᠠᠨ ᠢᠶᠠᠷ᠂ ᠢᠷᠡᠭᠡᠳᠦᠢ ᠳᠤ ᠨᠡᠭᠡᠭᠡᠨ ᠬᠥᠭᠵᠢᠭᠦᠯᠬᠦ ᠣᠷᠣᠨ ᠨᠢ ᠳᠠᠪᠠᠭᠤᠯᠢᠭ ᠠᠵᠤ ᠦᠢᠯᠡᠰ ᠪᠠ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠲᠣᠭᠤᠷᠢᠨ ᠳᠤ ︽3+N︾ ᠭᠤᠣᠯᠯᠠᠬᠤ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠪᠣᠯᠣᠨ᠎ᠠ᠃ ᠲᠤᠬᠠᠶᠢᠯᠠᠪᠠᠯ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠠᠭᠤᠷᠬᠠᠢ ᠶᠢᠨ ᠮᠠᠲ᠋ᠧᠷᠢᠶᠠᠯ ᠪᠠᠷᠢᠯᠭ᠎ᠠ ᠶᠢᠨ ᠮᠠᠲ᠋ᠧᠷᠢᠶᠠᠯ ᠢ ᠡᠳ᠋ᠰᠢᠭᠦᠯᠬᠦ᠂ ᠡᠨᠧᠷᠭᠢ ᠶᠢᠨ ᠲᠣᠨᠤᠭ ᠲᠥᠬᠦᠭᠡᠷᠦᠮᠵᠢ ᠵᠡᠷᠭᠡ 3 ᠲᠣᠮᠣ ᠭᠤᠣᠯᠯᠠᠬᠤ ᠠᠵᠤ ᠦᠢᠯᠡᠰ ᠢ ᠪᠣᠶ ᠪᠣᠯᠭᠠᠬᠤ ᠶᠢᠨ ᠬᠠᠮᠲᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠭᠤᠣᠯᠳᠠᠯᠭ᠎ᠠ ᠲᠠᠢ ᠪᠣᠶᠢᠵᠢᠭᠤᠯᠵᠤ᠂ ᠬᠠᠷᠢᠯᠴᠠᠨ ᠬᠤᠯᠪᠣᠭᠳᠠᠬᠤ ᠦᠢᠯᠡᠴᠢᠯᠡᠭᠡᠨ ᠤ ᠦᠢᠯᠡᠰ ᠢ ᠲᠡᠭᠦᠯᠳᠡᠷᠵᠢᠭᠦᠯᠦᠨ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ ᠪᠦᠲᠦᠭᠡᠭᠳᠡᠬᠦᠨ ᠢ ᠳᠡᠯᠭᠡᠨ ᠦᠵᠡᠭᠦᠯᠬᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠮᠥᠩᠭᠦᠨ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠵᠡᠷᠭᠡ ᠵᠠᠩᠭᠢᠯᠠᠭ᠎ᠠ ᠶᠢᠨ ᠦᠢᠯᠡᠴᠢᠯᠡᠭᠡ ᠶᠢ ᠬᠠᠷᠠᠭᠠᠯᠠᠨ᠂ ᠬᠦᠷᠢᠶᠡᠯᠡᠩ ᠲᠣᠭᠤᠷᠢᠭ ᠤᠨ ᠡᠭᠦᠰᠦᠮᠡᠯ ᠢᠵᠢ ᠪᠦᠷᠢᠳᠦᠭᠦᠯᠬᠦ ᠪᠠᠲᠤᠯᠠᠭ᠎ᠠ ᠶᠢ ᠴᠢᠩᠭᠠᠳᠬᠠᠨ᠎ᠠ᠃      ᠲᠣᠰ ᠤᠳᠠᠭᠠᠨ ᠤ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠳᠠᠷᠠᠭ᠎ᠠ᠂ ᠮᠠᠨ ᠤ ᠰᠢᠶᠠᠨ ᠬᠢᠨᠠᠨ ᠪᠠᠶᠢᠴᠠᠭᠠᠬᠤ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠤ ᠰᠠᠨᠠᠭᠤᠯᠭ᠎ᠠ ᠶᠢ ᠦᠨᠳᠦᠰᠦᠯᠡᠨ ᠬᠠᠮᠢᠶ᠎ᠠ ᠪᠦᠬᠦᠢ ᠮᠠᠲ᠋ᠧᠷᠢᠶᠠᠯ ᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠯᠲᠠ ᠪᠠᠷ ᠳᠡᠮᠵᠢᠨ᠂ ᠨᠡᠭᠡᠭᠡᠨ ᠬᠥᠭᠵᠢᠭᠦᠯᠬᠦ ᠣᠷᠣᠨ ᠢ ᠰᠡᠷᠭᠦᠭᠡᠨ ᠪᠠᠶᠢᠭᠤᠯᠬᠤ ᠶᠢ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠦᠴᠦᠸᠠᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠲᠡᠶᠢᠨ ᠤ ᠲᠠᠯᠠᠪᠤᠷ ᠢ ᠪᠥᠬᠦ ᠲᠠᠯ᠎ᠠ ᠪᠠᠷ ᠳᠠᠬᠢᠨ ᠡᠬᠢᠯᠡᠭᠦᠯᠬᠦ ᠶᠢ ᠦᠨᠡᠨ ᠬᠦ ᠪᠠᠲᠤᠯᠠᠨ᠎ᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号