ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/4/29
     4 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠱᠣᠸ ᠯᠢᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠣᠣ ᠸᠧᠢ ᠶᠣᠰᠣᠯᠠᠯ ᠳᠤ ᠣᠷᠣᠯᠴᠠᠭᠰᠠᠨ ᠪᠥᠭᠡᠳ ᠫᠠᠶᠢᠰᠠ ᠰᠡᠬᠦᠪᠡ᠃      ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠢ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠪᠣᠯᠣᠨ ᠮᠤᠵᠢ ᠬᠤᠲᠠ ᠰᠢᠶᠠᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ ᠪᠣᠯᠣᠨ᠎ᠠ᠂ ᠨᠠᠮ ᠤᠨ ᠨᠡᠶᠢᠭᠡᠮ ᠤᠨ ᠠᠵᠢᠯ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠨᠠᠮ ᠤᠨ ᠨᠡᠶᠢᠭᠡᠮ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠨᠡᠶᠢᠭᠡᠮ ᠤᠨ ᠠᠵᠢᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠨᠡᠩ ᠪᠦᠷᠢᠨ ᠲᠡᠭᠦᠯᠳᠡᠷ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠯᠢᠳᠡᠭ᠂ ᠠᠵᠢᠯᠯᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠨᠡᠩ ᠥᠨᠳᠥᠷ ᠪᠦᠲᠦᠮᠵᠢᠲᠡᠢ ᠪᠠᠶᠢᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠴᠢᠨᠠᠭᠰᠢᠳᠠ ᠪᠠᠶᠢᠭᠤᠯᠵᠤ᠂ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
     ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠢ ᠰᠢᠶᠠᠨ ᠤ ᠨᠠᠮ ᠤᠨ ᠬᠤᠷᠢᠶᠠᠨ ᠤ ᠰᠢᠨ᠎ᠡ ᠪᠠᠷ ᠪᠠᠶᠢᠭᠤᠯᠤᠭᠳᠠᠭᠰᠠᠨ ᠠᠷᠠᠳ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠵᠢᠯᠤᠭᠤᠳᠬᠤ ᠡᠭᠦᠷᠭᠡ ᠶᠢ ᠡᠭᠦᠷᠭᠡᠯᠡᠵᠦ᠂ ᠠᠷᠠᠳ ᠲᠦᠮᠡᠨ ᠤ ᠰᠠᠨᠠᠭᠤᠯᠭ᠎ᠠ ᠴᠤᠭᠯᠠᠭᠤᠯᠬᠤ ᠠᠵᠢᠯ ᠢ ᠵᠢᠯᠤᠭᠤᠳᠴᠤ᠂ ᠨᠠᠮ ᠤᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠪᠣᠯᠣᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠤᠳᠤᠷᠢᠳᠬᠤ ᠪᠠᠶᠢᠭᠤᠯᠤᠮᠵᠢ ᠪᠣᠯᠣᠨ ᠠᠵᠢᠯ ᠤᠨ ᠲᠣᠭᠲᠠᠴᠠ ᠶᠢ ᠳᠠᠶᠢᠴᠢᠯᠠᠬᠤ ᠶᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠨᠠᠮ ᠤᠨ ᠠᠵᠢᠯ ᠢ ᠨᠢᠭᠡᠳᠦᠯᠲᠡᠢ ᠤᠳᠤᠷᠢᠳᠴᠤ᠂ ᠬᠤᠯᠢᠮᠠᠭ ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠠ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠤᠭᠤᠳᠴᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠬᠦ᠂ ᠵᠣᠬᠢᠴᠠᠭᠤᠯᠤᠨ ᠵᠢᠯᠤᠭᠤᠳᠬᠤ᠂ ᠱᠠᠯᠠᠪᠳᠠᠭᠤᠯᠤᠨ ᠪᠠᠶᠢᠴᠠᠭᠠᠬᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠬᠤ ᠵᠡᠷᠭᠡ ᠴᠢᠬᠤᠯᠠ ᠡᠭᠦᠷᠭᠡ ᠬᠠᠷᠢᠭᠤᠴᠠᠯᠭ᠎ᠠ ᠪᠠ ᠲᠤᠰᠢᠶᠠᠯ ᠢ ᠬᠠᠷᠢᠭᠤᠴᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号