ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠴᠦᠸᠠᠨ ᠰᠢᠶᠠᠨ ᠳᠤ ᠢᠳᠡᠭᠡᠨ ᠤ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠬᠦᠷᠢᠶᠡᠯᠡᠩ ᠲᠣᠭᠤᠷᠢᠭ ᠢ ᠵᠢᠷᠤᠮᠵᠢᠭᠤᠯᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
     ᠮᠠᠨ ᠤ ᠰᠢᠶᠠᠨ ᠤ ᠢᠳᠡᠭᠡᠨ ᠤ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠬᠦᠷᠢᠶᠡᠯᠡᠩ ᠲᠣᠭᠤᠷᠢᠭ ᠢ ᠵᠢᠷᠤᠮᠵᠢᠭᠤᠯᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠦᠴᠦᠲᠡᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠳ᠋ᠢᠩ ᠶᠦᠩ ᠪᠦᠯᠬᠦᠮ ᠳᠠᠭᠠᠭᠤᠯᠤᠨ ᠮᠠᠨ ᠤ ᠰᠢᠶᠠᠨ ᠤ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠬᠦᠷᠢᠶᠡᠯᠡᠩ ᠲᠣᠭᠤᠷᠢᠭ ᠲᠤ ᠲᠤᠬᠠᠢ ᠶᠢᠨ ᠭᠠᠵᠠᠷ ᠤᠨ ᠣᠶᠢᠯᠠᠭᠠᠯᠲᠠ᠂ ᠪᠠᠶᠢᠳᠠᠯ ᠢ ᠣᠶᠢᠯᠠᠭᠠᠬᠤ ᠦᠨᠡᠯᠡᠯᠲᠡ ᠬᠢᠵᠦ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠠᠩ ᠵᠢᠶᠦ᠋ᠨ ᠯᠢᠶᠠᠩ ᠵᠢᠴᠢ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠢᠨ ᠰᠠᠨ ᠵᠢᠶᠣᠣ ᠠᠵᠤ ᠦᠢᠯᠡᠰ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃
     ᠳ᠋ᠢᠩ ᠶᠦᠩ ᠨᠠᠷ ᠮᠠᠨ ᠤ ᠰᠢᠶᠠᠨ ᠤ ︽ᠳ᠋ᠧᠦᠹᠦ᠋᠂ ᠹᠧᠨᠲ᠋ᠢᠶᠣᠤᠷ᠂ ᠮᠠᠨᠲᠠᠤ᠂ ᠪᠤᠷᠴᠠᠭ ᠤᠨ ᠴᠢᠴᠢᠭᠡᠰᠦ︾ ᠶᠢ ᠪᠣᠯᠪᠠᠰᠤᠷᠠᠭᠤᠯᠬᠤ ᠲᠣᠭᠤᠷᠢᠭ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠡᠭᠦᠨ ᠤ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠬᠠᠮᠢᠶᠠᠷᠤᠯᠲᠠ᠂ ᠢᠳᠡᠭᠡᠨ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠬᠦᠷᠢᠶᠡᠯᠡᠩ ᠲᠣᠭᠤᠷᠢᠭ ᠤᠨ ᠡᠵᠡᠩᠨᠡᠯᠲᠡ ᠵᠢᠴᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠠᠪᠤᠴᠠ ᠳᠠᠬᠢ ᠬᠦᠴᠢᠷᠳᠡᠯ ᠪᠣᠯᠣᠨ ᠬᠡᠷᠡᠭᠴᠡᠭᠡ᠂ ᠵᠢᠵᠢᠭ ᠦᠢᠯᠡᠳᠬᠡᠯ ᠤᠨ ᠣᠷᠣᠵᠤ ᠰᠠᠭᠤᠬᠤ ᠵᠢᠴᠢ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠥᠭᠵᠢᠯᠲᠡ ᠶᠢᠨ ᠰᠡᠳᠬᠢᠴᠡ᠂ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ᠂ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠵᠡᠷᠭᠡ ᠠᠭᠤᠯᠭ᠎ᠠ ᠶᠢ ᠰᠤᠳᠤᠯᠤᠨ ᠶᠠᠷᠢᠯᠴᠠᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠴᠢᠭᠯᠡᠯ᠂ ᠣᠨᠴᠠᠯᠢᠭ ᠢ ᠠᠭᠤᠳᠠᠯᠬᠤ ᠵᠢᠴᠢ ᠵᠢᠷᠤᠮᠵᠢᠭᠤᠯᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠴᠢᠭᠯᠡᠭᠦᠯᠬᠦ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃
     ᠳ᠋ᠢᠩ ᠶᠦᠩ ᠴᠢᠬᠤᠯᠠᠴᠢᠯᠠᠭᠰᠠᠨ ᠨᠢ᠂ ᠢᠳᠡᠭᠡᠨ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠴᠡᠭ ᠢ ᠪᠠᠶᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 2024 ᠣᠨ ᠤ ᠭᠤᠣᠯᠳᠠᠯᠭ᠎ᠠ ᠲᠠᠢ ᠠᠵᠢᠯ ᠤᠨ ᠨᠢᠭᠡ ᠪᠠᠶᠢᠵᠤ᠂ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠤ ᠬᠠᠨᠤᠮᠵᠢ ᠶᠢᠨ ᠬᠡᠮᠵᠢᠶ᠎ᠡ᠂ ᠲᠤᠬᠠᠢ ᠶᠢᠨ ᠭᠠᠵᠠᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠬᠦᠷᠢᠶᠡᠯᠡᠩ ᠲᠣᠭᠤᠷᠢᠭ ᠨᠢ ᠦᠴᠦᠸᠠᠨ ᠰᠢᠶᠠᠨ ᠤ ᠲᠤᠬᠠᠢ ᠶᠢᠨ ᠭᠠᠵᠠᠷ ᠤᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠲᠠᠢ ᠤᠶᠠᠯᠳᠤᠭᠤᠯᠤᠨ᠂ ᠦᠴᠦᠸᠠᠨ ᠰᠢᠶᠠᠨ ᠤ ᠭᠠᠵᠠᠷ ᠣᠷᠣᠨ ᠤ ᠣᠨᠴᠠᠯᠢᠭ ᠲᠠᠢ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠭᠰᠠᠨ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠬᠦᠷᠢᠶᠡᠯᠡᠩ ᠲᠣᠭᠤᠷᠢᠭ ᠢ ᠪᠣᠶ ᠪᠣᠯᠭᠠᠬᠤ ᠬᠡᠷᠡᠭᠲᠡᠢ᠃
     ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠤᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠢᠳᠡᠭᠡᠨ ᠤ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠩᠭᠤ ᠶᠢᠨ ᠵᠠᠰᠠᠯᠲᠠ ᠶᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠯᠤᠭ᠎ᠠ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠵᠢᠵᠢᠭ ᠦᠢᠯᠡᠳᠬᠡᠯ ᠤᠨ ᠲᠠᠰ ᠳᠡᠪᠰᠢᠭᠦᠯᠬᠦ ᠶᠢ ᠢᠳᠡᠪᠬᠢᠲᠡᠢ ᠪᠠᠷ ᠠᠬᠢᠭᠤᠯᠵᠤ᠂ ᠬᠦᠷᠢᠶᠡᠯᠡᠩ ᠲᠣᠭᠤᠷᠢᠭ ᠢ ᠬᠠᠪᠰᠤᠷᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠵᠦ᠂ ︽ᠨᠠᠷᠢᠯᠢᠭ ᠣᠨᠴᠠ ᠰᠠᠶᠢᠬᠠᠨ︾ ᠴᠢᠨᠠᠷ ᠰᠠᠶᠢᠲᠠᠢ ᠣᠷᠣᠨ ᠨᠤᠲᠤᠭ ᠤᠨ ᠣᠨᠴᠠᠯᠢᠭᠲᠤ ᠢᠳᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ᠂ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠪᠠᠷᠢᠮᠵᠢᠶ᠎ᠠ ᠶᠢ ᠪᠣᠳᠠᠲᠤ ᠬᠡᠷᠡᠭᠴᠡᠭᠡ ᠲᠠᠢ ᠪᠣᠯᠭᠠᠵᠤ᠂ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠬᠦᠷᠢᠶᠡᠯᠡᠩ ᠲᠣᠭᠤᠷᠢᠭ ᠢ ᠵᠢᠷᠤᠮᠵᠢᠭᠤᠯᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠡᠷᠲᠡᠬᠡᠨ ᠪᠡᠶᠡᠯᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号