ᠦᠴᠦᠸᠠᠨ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠤᠶᠠᠷ ᠦᠷᠡᠭᠳᠡᠭᠰᠡᠨ ᠪᠠᠭᠠᠲᠤᠷ ᠤᠨ ᠦᠯᠡᠳᠡᠭᠡᠭᠰᠡᠨ ᠶᠠᠭᠤᠮ᠎ᠠ ᠶᠢ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠲᠤᠰᠢᠶᠠᠪᠠ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 2 ᠤᠨ ᠡᠳᠦᠷ᠂ ᠦᠴᠦᠸᠠᠨ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠳᠤ ᠬᠦᠷᠴᠦ᠂ ᠵᠠᠩ ᠰᠢᠦᠢ᠂ ᠴᠧᠩ ᠰᠢᠶᠣᠣ ᠬᠤᠶᠠᠷ ᠦᠷᠡᠭᠳᠡᠭᠰᠡᠨ ᠪᠠᠭᠠᠲᠤᠷ ᠤᠨ ᠦᠯᠡᠳᠡᠭᠡᠭᠰᠡᠨ ᠶᠠᠭᠤᠮ᠎ᠠ ᠶᠢ ᠰᠢᠯᠵᠢᠭᠦᠯᠦᠨ ᠲᠤᠰᠢᠶᠠᠪᠠ᠃
     ᠭᠠᠯ ᠤᠨᠲᠠᠷᠠᠭᠠᠭᠴᠢ ᠪᠠᠶᠢᠯᠳᠤᠭᠴᠢ ᠬᠤᠶᠠᠷ ᠦᠷᠡᠭᠳᠡᠭᠰᠡᠨ ᠪᠠᠭᠠᠲᠤᠷ ᠤᠨ ᠪᠠᠶᠢᠯᠳᠤᠭᠠᠨ ᠤ ᠬᠤᠪᠴᠠᠰᠤ ᠶᠢ ᠳᠡᠯᠭᠡᠨ ᠦᠵᠡᠭᠦᠯᠬᠦ ᠠᠪᠳᠠᠷ᠎ᠠ ᠳᠤ ᠲᠠᠯᠪᠢᠵᠤ᠂ ᠬᠤᠶᠠᠷ ᠦᠷᠡᠭᠳᠡᠭᠰᠡᠨ ᠪᠠᠭᠠᠲᠤᠷ ᠤᠨ ᠣᠬᠤᠷᠬᠠᠨ ᠬᠤᠭᠤᠴᠠᠭᠠᠨ ᠤ ᠭᠡᠷᠡᠯ ᠰᠠᠴᠤᠷᠠᠩᠭᠤᠢ ᠨᠢᠭᠡ ᠨᠠᠰᠤ ᠶᠢ ᠡᠷᠭᠢᠴᠡᠭᠦᠯᠪᠡ᠃ ᠵᠠᠩ ᠰᠢᠦᠢ᠂ 1991 ᠣᠨ ᠤ 9 ᠰᠠᠷ᠎ᠠ ᠶᠢᠨ 10 ᠤ ᠡᠳᠦᠷ ᠲᠦᠷᠦᠵᠠᠢ᠂ ᠬᠢᠲᠠᠳ ᠦᠨᠳᠦᠰᠦᠲᠡᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠂ 2008 ᠣᠨ ᠤ 12 ᠰᠠᠷ᠎ᠠ ᠳᠤ ᠬᠢᠷᠢᠨ ᠮᠤᠵᠢ ᠶᠢᠨ ᠰᠧ ᠫᠢᠩ ᠬᠤᠳᠠ ᠶᠢᠨ ᠱᠠᠨ ᠮᠧᠨ ᠪᠠᠯᠭᠠᠰᠤᠨ ᠳᠤ ᠴᠡᠷᠢᠭ ᠲᠤ ᠣᠷᠣᠵᠤ᠂ 2010 ᠣᠨ ᠤ 3 ᠰᠠᠷ᠎ᠠ ᠳᠤ ᠦᠴᠦᠸᠠᠨ ᠰᠢᠶᠠᠨ ᠤ ᠭᠠᠯ ᠤᠨᠲᠠᠷᠠᠭᠠᠬᠤ ᠳᠤᠮᠳᠠ ᠠᠩᠭᠢ ᠶᠢᠨ ᠪᠣᠭᠤᠮᠲᠠ ᠰᠢᠪᠲᠤᠯᠬᠤ ᠠᠩᠭᠢ ᠶᠢᠨ ᠠᠩᠭᠢ ᠶᠢᠨ ᠳᠠᠷᠤᠭ᠎ᠠ᠂ ᠪᠠᠭ᠎ᠠ ᠲᠦᠷᠦᠭᠦᠴᠢ ᠶᠢᠨ ᠲᠤᠰᠢᠶᠠᠯ ᠢ ᠨᠢᠭᠡ ᠵᠢᠯ ᠡᠭᠦᠷᠭᠡᠯᠡᠪᠡ᠃ 2011 ᠣᠨ ᠤ 2 ᠰᠠᠷ᠎ᠠ ᠶᠢᠨ 10 ᠤ ᠡᠳᠦᠷ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠳᠤ ᠪᠤᠴᠠᠬᠤ ᠵᠠᠮ ᠳᠠᠭᠠᠨ ᠲᠡᠷᠭᠡ ᠬᠥᠷᠪᠡᠭᠡᠳ ᠵᠣᠯ ᠪᠤᠰᠤ ᠪᠠᠷ ᠪᠡᠶ᠎ᠡ ᠦᠷᠡᠭᠳᠡᠵᠡᠢ᠂ ᠲᠤᠬᠠᠢ ᠶᠢᠨ ᠦᠶ᠎ᠡ ᠳᠤ ᠰᠠᠶ᠋ᠢ 20 ᠨᠠᠰᠤᠲᠠᠢ ᠪᠠᠶᠢᠪᠠ᠃ ᠴᠧᠩ ᠰᠢᠶᠣᠣ ᠨᠥᠬᠦᠷ᠂ 1993 ᠣᠨ ᠤ 9 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ ᠤᠨ ᠬᠥᠮᠥᠨ᠂ 2011 ᠣᠨ ᠤ 12 ᠰᠠᠷ᠎ᠠ ᠳᠤ ᠴᠡᠷᠢᠭ ᠲᠤ ᠣᠷᠣᠪᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠂ ᠴᠠᠭᠳᠠᠭ᠎ᠠ ᠶᠢᠨ ᠴᠣᠯᠠ ᠲᠠᠢ᠃ 2012 ᠣᠨ ᠤ 3 ᠰᠠᠷ᠎ᠠ ᠠᠴᠠ 6 ᠰᠠᠷ᠎ᠠ ᠪᠣᠯᠲᠠᠯ᠎ᠠ ᠬᠥᠬᠡᠬᠤᠲᠠ ᠶᠢᠨ ᠭᠠᠯ ᠤᠨᠲᠠᠷᠠᠭᠠᠬᠤ ᠰᠠᠯᠪᠤᠷᠢ ᠠᠩᠭᠢ ᠶᠢᠨ ᠦᠴᠦᠸᠠᠨ ᠤ ᠳᠤᠮᠳᠠ ᠠᠩᠭᠢ ᠳᠤ ᠠᠯᠪᠠ ᠬᠠᠭᠠᠵᠤ ᠪᠠᠶᠢᠪᠠ᠃ 2012 ᠣᠨ ᠤ 6 ᠰᠠᠷ᠎ᠠ ᠶᠢᠨ 25 ᠤ ᠦᠳᠡ ᠶᠢᠨ ᠬᠤᠶᠢᠨᠠᠬᠢ 5 ᠴᠠᠭ 30 ᠮᠢᠨᠦ᠋ᠲ ᠲᠤ᠂ ᠬᠠᠰᠢᠭᠳᠠᠭᠰᠠᠨ ᠤᠯᠠᠨ ᠲᠦᠮᠡᠨ ᠢ ᠠᠪᠤᠷᠠᠬᠤ ᠶᠢᠨ ᠲᠥᠯᠥᠭᠡ ᠵᠣᠯ ᠪᠤᠰᠤ ᠪᠠᠷ ᠪᠡᠶ᠎ᠡ ᠦᠷᠡᠭᠳᠡᠪᠡ᠂ ᠰᠠᠢᠢ 18 ᠨᠠᠰᠤᠲᠠᠢ ᠪᠠᠶᠢᠯ᠎ᠠ᠃ ᠲᠤᠰ ᠤᠳᠠᠭ᠎ᠠ ᠶᠢᠨ ᠰᠢᠯᠵᠢᠭᠦᠯᠦᠨ ᠲᠤᠰᠢᠶᠠᠭᠰᠠᠨ ᠦᠷᠡᠭᠳᠡᠭᠰᠡᠨ ᠪᠠᠭᠠᠲᠤᠷᠴᠤᠳ ᠤᠨ ᠦᠯᠡᠳᠡᠭᠳᠡᠯ ᠵᠢᠴᠢ ᠲᠡᠦᠬᠡᠨ ᠮᠠᠲ᠋ᠧᠷᠢᠶᠠᠯ ᠢ ᠵᠢᠩ ᠡᠯ ᠭᠧᠦ ᠶᠢᠨ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠬᠠᠳᠠᠭᠠᠯᠠᠬᠤ ᠪᠣᠯᠣᠨ᠎ᠠ᠃      ᠳᠠᠷᠠᠭ᠎ᠠ ᠳᠤᠨᠢ᠂ ᠤᠯᠠᠨ ᠢᠶᠠᠷ ᠢᠶᠠᠨ ᠪᠢᠰᠢᠷᠡᠨ ᠬᠦᠨᠳᠦᠳᠬᠡᠬᠦ ᠰᠡᠳᠬᠢᠯᠭᠡ ᠪᠠᠷ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠦᠵᠡᠰᠬᠦᠯᠡᠩ ᠤᠨ ᠣᠷᠳᠣᠨ ᠢ ᠲᠣᠭᠤᠷᠢᠨ ᠦᠵᠡᠵᠦ᠂ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠰᠤᠷᠤᠯᠴᠠᠪᠠ᠃ ᠡᠨᠡᠬᠦ ᠨᠤᠲᠤᠭ ᠳᠡᠪᠢᠰᠬᠡᠷ ᠳᠡᠭᠡᠷᠡᠬᠢ ᠦᠷᠡᠭᠳᠡᠭᠰᠡᠨ ᠪᠠᠭᠠᠲᠤᠷᠴᠤᠳ ᠤᠨ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠢᠷᠠᠭᠤ ᠠᠯᠳᠠᠷᠲᠤ ᠦᠢᠯᠡ ᠠᠵᠢᠯᠯᠠᠭ᠎ᠠ ᠶᠢ ᠰᠣᠨᠣᠰᠬᠤ ᠪᠠᠷ ᠳᠠᠮᠵᠢᠭᠤᠯᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠥᠮᠥᠰ ᠤᠨ ᠰᠡᠳᠬᠢᠯ ᠵᠢᠷᠦᠬᠡ ᠶᠢ ᠳᠣᠩᠰᠣᠯᠭᠠᠮ᠎ᠠ ᠲᠠᠶᠢᠴᠢᠨ ᠥᠩᠭᠡᠷᠡᠯᠲᠡ ᠶᠢ ᠡᠷᠭᠢᠴᠡᠭᠦᠯᠪᠡ᠃
     ᠲᠥᠪ ᠬᠢᠴᠢᠶᠡᠩᠭᠦᠢ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ᠂ ᠪᠦᠬᠦ ᠭᠠᠯ ᠤᠨᠲᠠᠷᠠᠭᠠᠭᠴᠢ ᠪᠠᠶᠢᠯᠳᠤᠭᠴᠢᠳ ᠲᠡᠷᠢ ᠲᠡᠭᠰᠢ ᠵᠢᠭᠰᠠᠵᠤ᠂ ᠲᠥᠪ ᠬᠢᠴᠢᠶᠡᠩᠭᠦᠢ ᠪᠠᠷ ᠵᠣᠭᠰᠣᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠮᠡᠬᠦᠶᠢᠨ ᠶᠣᠰᠣᠯᠠᠬᠤ ᠶᠢᠨ ᠬᠠᠮᠲᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠴᠠᠭᠠᠷᠢᠭᠲᠤ ᠴᠡᠴᠡᠭ ᠬᠦᠷᠭᠡᠵᠦ᠂ ᠦᠷᠡᠭᠳᠡᠭᠰᠡᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠵᠢᠴᠢ ᠬᠢᠵᠠᠭᠠᠯᠠᠰᠢ ᠦᠭᠡᠢ ᠭᠠᠰᠢᠭᠤᠳᠠᠯ ᠢᠶᠠᠨ ᠢᠯᠡᠳᠬᠡᠪᠡ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号