ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠵᠤ ᠰᠡᠳᠬᠢᠯ ᠢᠶᠠᠨ ᠨᠢᠭᠡᠳᠬᠡᠨ ᠭᠠᠶᠢᠯᠢ ᠶᠢᠨ ᠰᠦᠭ ᠰᠦᠨᠡᠰᠦ ᠶᠢ ᠴᠣᠭᠴᠠᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/3
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠩ ᠰᠠᠶᠢᠲᠤᠷ ᠰᠤᠷᠤᠯᠴᠠᠨ ᠲᠤᠭᠤᠰᠢᠯᠠᠭᠤᠯᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠭᠡᠷᠢᠶᠡᠰ ᠵᠣᠷᠢᠭ ᠢ ᠤᠯᠠᠮᠵᠢᠯᠠᠬᠤ ᠶᠢᠨ ᠲᠥᠯᠥᠭᠡ᠂ 4 ᠰᠠᠷ᠎ᠠ ᠶᠢᠨ 1 ᠤ ᠦᠳᠡ ᠶᠢᠨ ᠡᠮᠦᠨ᠎ᠡ᠂ ᠦᠴᠦᠸᠠᠨ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠵᠤ ᠰᠡᠳᠬᠢᠯ ᠢᠶᠠᠨ ᠨᠢᠭᠡᠳᠬᠡᠨ ᠭᠠᠶᠢᠯᠢ ᠶᠢᠨ ᠰᠦᠭ ᠰᠦᠨᠡᠰᠦ ᠶᠢ ᠴᠣᠭᠴᠠᠯᠠᠶ᠎ᠠ︾ ᠭᠡᠬᠦ ᠭᠤᠣᠯ ᠰᠡᠳᠦᠪ ᠢᠶᠠᠷ ᠴᠢᠩ ᠱᠠᠨ ᠶᠤᠸᠠᠨ ᠴᠡᠴᠡᠷᠯᠢᠭ ᠲᠤ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ ᠠᠵᠢᠯᠯᠠᠭ᠎ᠠ ᠥᠷᠨᠢᠭᠦᠯᠪᠡ᠃ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ᠂ ᠨᠠᠮ ᠤᠨ ᠭᠡᠰᠢᠭᠦᠨ ᠺᠠᠳ᠋ᠷᠴᠤᠳ ᠲᠡᠷᠢ ᠲᠡᠭᠰᠢ ᠮᠥᠷᠯᠡᠨ ᠵᠢᠭᠰᠠᠵᠤ᠂ ᠲᠥᠪ ᠴᠢᠩᠭ᠎ᠠ ᠳᠦᠷᠢ ᠲᠥᠷᠬᠦ ᠪᠠᠷ ᠲᠣᠯᠣᠭᠠᠢ ᠪᠥᠬᠦᠶᠢᠨ ᠲᠥᠪ ᠵᠣᠭᠰᠣᠵᠤ᠂ ᠰᠦᠷ ᠵᠢᠪᠬᠤᠯᠠᠩᠲᠤ ᠲᠠᠬᠢᠯᠭ᠎ᠠ ᠶᠢᠨ ᠶᠣᠰᠣᠯᠠᠯ ᠶᠠᠪᠤᠭᠤᠯᠪᠠ᠃
     ᠪᠦᠬᠦ ᠨᠠᠮ ᠤᠨ ᠭᠡᠰᠢᠭᠦᠨ ᠬᠢᠴᠢᠶᠡᠩᠭᠦᠶᠢᠯᠡᠨ ᠵᠣᠭᠰᠣᠵᠤ ᠨᠠᠮᠠᠨᠴᠢᠯᠠᠨ ᠭᠠᠰᠢᠭᠤᠳᠠᠵᠤ᠂ ᠬᠠᠮᠤᠭ ᠤᠨ ᠴᠢᠩ ᠰᠡᠳᠬᠢᠯ ᠤᠨ ᠬᠦᠨᠳᠦᠳᠬᠡᠯ ᠢᠶᠠᠷ ᠢᠶᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠭᠦᠨ ᠵᠤᠵᠠᠭᠠᠨ ᠭᠠᠰᠢᠭᠤᠳᠠᠯ ᠢᠶᠠᠨ ᠢᠯᠡᠳᠬᠡᠵᠦ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠨᠠᠷ ᠪᠦᠬᠦ ᠭᠠᠶᠢᠯᠢ ᠶᠢᠨ ᠺᠠᠳ᠋ᠷᠴᠤᠳ ᠢ ᠲᠥᠯᠥᠭᠡᠯᠡᠨ ᠰᠣᠷᠭᠤᠭ ᠴᠡᠴᠡᠭ ᠬᠦᠷᠭᠡᠵᠦ᠂ ᠦᠷᠡᠭᠳᠡᠭᠰᠡᠨ ᠪᠠᠭᠠᠲᠤᠷᠴᠤᠳ ᠢ ᠪᠠᠷᠠᠳᠠᠵᠤ᠂ ᠦᠷᠡᠭᠳᠡᠭᠰᠡᠨ ᠪᠠᠭᠠᠲᠤᠷᠴᠤᠳ ᠲᠤ ᠬᠢᠵᠠᠭᠠᠯᠠᠰᠢ ᠦᠭᠡᠢ ᠬᠦᠨᠳᠦᠳᠬᠡᠯ ᠪᠠ ᠭᠠᠰᠢᠭᠤᠳᠠᠯ ᠢᠶᠠᠨ ᠢᠯᠡᠳᠬᠡᠵᠡᠢ᠃ ᠠᠵᠢᠯᠯᠠᠭ᠎ᠠ ᠶᠢᠨ ᠡᠴᠦᠰ ᠲᠤ᠂ ᠤᠯᠠᠨ ᠢᠶᠠᠷ ᠢᠶᠠᠨ ᠪᠠᠷᠠᠭᠤᠨ ᠨᠢᠳᠤᠷᠭ᠎ᠠ ᠪᠠᠨ ᠥᠨᠳᠥᠷ ᠡᠷᠭᠦᠵᠦ᠂ ᠨᠠᠮ ᠤᠨ ᠲᠤᠭ ᠵᠦᠭ ᠬᠠᠨᠳᠤᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠡᠷᠡᠯᠬᠡᠭ ᠲᠠᠩᠭᠠᠷᠢᠭ ᠤᠨ ᠳᠤᠮᠳᠠ ᠦᠷᠡᠭᠳᠡᠭᠰᠡᠨ ᠪᠠᠭᠠᠲᠤᠷᠴᠤᠳ ᠤᠨ ᠠᠮᠢ ᠪᠡᠶ᠎ᠡ ᠪᠠᠨ ᠴᠦᠯᠡᠬᠦ ᠬᠤᠪᠢᠰᠬᠠᠯᠲᠤ ᠬᠠᠶᠢᠷ᠎ᠠ ᠰᠡᠳᠬᠢᠯᠭᠡ ᠳᠤ ᠬᠦᠨᠳᠦᠳᠬᠡᠯ ᠳᠡᠪᠰᠢᠭᠦᠯᠪᠡ᠃      ᠠᠵᠢᠯᠯᠠᠭ᠎ᠠ ᠳᠤ ᠣᠷᠣᠯᠴᠠᠭᠰᠠᠨ ᠵᠠᠯᠠᠭᠤ ᠭᠠᠶᠢᠯᠢ ᠶᠢᠨ ᠶᠠᠪᠤᠳᠠᠯ ᠤᠨ ᠺᠠᠳ᠋ᠷᠴᠤᠳ᠄ ︽ᠮᠠᠨ ᠤ ᠵᠠᠯᠠᠭᠤᠴᠤᠳ ᠢᠮᠠᠭᠲᠠ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠡᠦᠬᠡ ᠪᠠᠨ ᠡᠭᠦᠷᠢᠳᠡ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠵᠣᠷᠢᠭᠲᠠᠢ ᠪᠠᠷ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠪᠢᠳᠠ ᠬᠦᠰᠡᠯ ᠵᠡᠭᠦᠳᠦ ᠲᠠᠢ ᠪᠥᠭᠡᠳ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠪᠥᠭᠡᠳ ᠴᠢᠳᠠᠮᠠᠭᠠᠢ ᠪᠠᠷ ᠪᠦᠲᠦᠭᠡᠵᠦ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠵᠤ ᠴᠢᠳᠠᠬᠤ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠬᠤ ᠪᠠᠷ ᠵᠣᠷᠢᠭ ᠰᠢᠭᠤᠳᠬᠤ ᠬᠡᠷᠡᠭᠲᠡᠢ᠃ ᠵᠠᠯᠠᠭᠤ ᠨᠠᠰᠤᠨ ᠤ ᠴᠡᠴᠡᠭ ᠢ ᠭᠠᠶᠢᠯᠢ ᠲᠠᠲᠠᠪᠤᠷᠢ ᠶᠢᠨ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢᠨ ᠳᠤᠮᠳᠠ ᠭᠡᠷᠡᠯ ᠰᠠᠴᠤᠷᠠᠭᠤᠯᠬᠤ ᠬᠡᠷᠡᠭᠲᠡᠢ︾ ᠭᠡᠵᠦ ᠢᠯᠡᠳᠬᠡᠪᠡ᠃      ᠪᠢᠳᠡ ᠴᠠᠭ ᠢᠮᠠᠭᠲᠠ ᠲᠡᠦᠬᠡ ᠪᠠᠨ ᠪᠠᠲᠤ ᠴᠡᠭᠡᠵᠢᠯᠡᠵᠦ᠂ ᠬᠤᠪᠢᠰᠬᠠᠯ ᠤᠨ ᠠᠬᠠᠮᠠᠳ ᠦᠶ᠎ᠡ ᠶᠢᠨ ᠠᠭᠤᠤ ᠶᠡᠭᠡ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠶᠢᠯᠢ ᠲᠠᠲᠠᠪᠤᠷᠢ ᠶᠢᠨ ᠣᠳᠣᠬᠢᠴᠢᠯᠠᠯᠲᠠ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号