ᠦᠴᠦᠸᠠᠨ ᠰᠢᠶᠠᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠪᠦᠬᠦ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠪᠦᠬᠦ ᠲᠠᠯ᠎ᠠ ᠪᠠᠷ ᠡᠬᠢᠯᠡᠭᠰᠡᠨ ᠢ ᠬᠠᠷᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ ᠮᠥᠨᠴᠦ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢᠨ ᠲᠤᠬᠠᠢ ᠪᠣᠳᠠᠲᠠᠢ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢᠨ ᠪᠠᠶᠢᠭᠤᠯᠤᠮᠵᠢ ᠲᠣᠭᠲᠠᠴᠠ ᠶᠢ ᠲᠣᠪᠤᠶᠢᠯᠭᠠᠨ ᠲᠡᠭᠦᠯᠳᠡᠷᠵᠢᠭᠦᠯᠵᠦ᠂ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠨᠡᠩ ᠰᠢᠨᠵᠢᠯᠡᠬᠦ ᠤᠬᠠᠭᠠᠨᠴᠢ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢ ᠨᠡᠩ ᠰᠢᠯᠢᠳᠡᠭᠵᠢᠭᠦᠯᠬᠦ᠂ ᠪᠠᠶᠢᠭᠤᠯᠤᠮᠵᠢ ᠲᠣᠭᠲᠠᠴᠠ ᠶᠢ ᠨᠡᠩ ᠲᠡᠭᠦᠯᠳᠡᠷᠵᠢᠭᠦᠯᠬᠦ᠂ ᠠᠵᠢᠯᠯᠠᠭᠠᠨ ᠤ ᠬᠠᠮᠢᠶᠠᠷᠤᠯᠲᠠ ᠶᠢ ᠨᠡᠩ ᠥᠨᠳᠥᠷ ᠪᠦᠲᠦᠮᠵᠢᠲᠡᠢ ᠪᠣᠯᠭᠠᠬᠤ ᠶᠢ ᠪᠠᠲᠤᠯᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠲᠤᠪᠤᠶᠢᠯᠭᠠᠵᠦ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠲᠤᠭ᠎ᠠ ᠪᠠᠷᠢᠮᠲᠠ ᠶᠢᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢ ᠲᠣᠬᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠦᠨᠡᠨᠬᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠣᠪᠤᠶᠢᠯᠭᠠᠨ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠬᠠᠮᠢᠶᠠᠷᠤᠯᠲᠠ ᠶᠢᠨ ᠪᠠᠶᠢᠭᠤᠯᠤᠯ ᠢ ᠲᠣᠪᠤᠶᠢᠯᠭᠠᠨ ᠲᠣᠬᠢᠷᠠᠭᠤᠯᠵᠤ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢ ᠲᠤᠪᠤᠶᠢᠯᠭᠠᠵᠦ᠂ ᠨᠠᠰᠤᠲᠠᠶᠢᠴᠤᠳ ᠤᠨ ᠠᠵᠢᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠵᠡᠷᠭᠡ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠴᠢᠩᠭ᠎ᠠ ᠬᠠᠮᠢᠶᠠᠷᠬᠤ ᠶᠢ ᠲᠤᠪᠤᠶᠢᠯᠭᠠᠵᠦ᠂ ᠣᠷᠣᠨ ᠲᠤᠭ᠎ᠠ ᠶᠢᠨ ᠬᠠᠮᠢᠶᠠᠷᠤᠯᠲᠠ ᠪᠣᠯᠣᠨ ᠤᠳᠤᠷᠢᠳᠬᠤ ᠲᠤᠰᠢᠶᠠᠯ ᠤᠨ ᠲᠤᠭ᠎ᠠ ᠶᠢ ᠵᠢᠷᠤᠮᠵᠢᠭᠤᠯᠤᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠴᠣᠮᠬᠠᠳᠬᠠᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠨ᠎ᠡ ᠠᠭᠤᠷ ᠠᠮᠢᠰᠬᠤᠯ ᠢᠶᠠᠷ ᠪᠦᠬᠦ ᠰᠢᠶᠠᠨ ᠤ ᠴᠢᠨᠠᠷ ᠰᠠᠶᠢᠲᠠᠢ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠪᠦᠬᠦ ᠰᠢᠶᠠᠨ ᠤ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠬᠠᠷᠢᠭᠤᠴᠠᠯᠭ᠎ᠠ ᠪᠣᠯᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠨᠢᠭᠡᠳᠦᠯᠲᠡᠢ ᠪᠠᠶᠢᠯᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠤᠨ ᠪᠠᠶᠢᠯᠭᠠᠬᠤ ᠦᠨᠳᠦᠰᠦᠨ ᠬᠦᠭ ᠠᠶᠠᠰ ᠢ ᠪᠠᠷᠢᠮᠲᠠᠯᠠᠨ᠂ ᠬᠥᠮᠥᠨ ᠤ ᠠᠵᠢᠯ ᠢ ᠰᠠᠶᠢᠲᠤᠷ ᠬᠢᠵᠦ᠂ ᠴᠢᠩᠭ᠎ᠠ ᠰᠠᠬᠢᠯᠭ᠎ᠠ ᠪᠠᠲᠤ ᠶᠢ ᠬᠡᠷᠡᠭᠵᠢᠭᠦᠯᠦᠨ᠂ ︽ᠭᠤᠷᠪᠠ ᠶᠢ ᠲᠣᠭᠲᠠᠭᠠᠬᠤ︾ ᠲᠥᠰᠥᠯ ᠢ ᠲᠦᠷᠦᠭᠦᠯᠡᠨ ᠰᠤᠳᠤᠯᠵᠤ᠂ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠤᠷᠤᠭᠰᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃       ᠰᠢᠶᠠᠨ ᠤ ᠡᠯ᠎ᠡ ᠶᠠᠮᠤᠨ ᠵᠥᠪᠯᠡᠯ ᠤᠨ ᠠᠯᠪᠠᠨ ᠭᠡᠷ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠰᠢᠶᠠᠨ ᠤ ᠲᠣᠮᠢᠯᠠᠭᠰᠠᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠬᠠᠷᠢᠭᠤᠴᠠᠯᠭᠠᠲᠠᠨ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号