ᠦᠴᠦᠸᠠᠨ ᠰᠢᠶᠠᠨ 2024 ᠣᠨ ᠤ ᠨᠠᠮ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 2 ᠤᠨ ᠡᠳᠦᠷ᠂ ᠦᠴᠦᠸᠠᠨ ᠰᠢᠶᠠᠨ 2024 ᠣᠨ ᠤ ᠨᠠᠮ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠩ ᠶᠦᠩ ᠭᠠᠩ ᠬᠤᠷᠠᠯ ᠡᠷᠭᠢᠯᠡᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠨ ᠶᠦᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠳ᠋ᠧᠩ ᠬᠤᠩ ᠬᠤᠷᠠᠯ ᠳᠤ ᠣᠷᠣᠯᠴᠠᠪᠠ᠃      ᠬᠤᠷᠠᠯ ᠠᠴᠠ 2024 ᠣᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯᠣᠨ 2024 ᠣᠨ ᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢᠨ ᠲᠤᠬᠠᠢ ᠲᠣᠳᠣᠷᠬᠠᠶᠢᠯᠠᠯᠲᠠ ᠬᠢᠪᠡ᠃      ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠳᠠᠭᠠᠭᠠᠨ ᠭᠦᠢᠴᠡᠳᠬᠡᠬᠦ ᠨᠢᠭᠡᠴᠢ ᠨᠦᠭᠦᠳ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠬᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠬᠤ ᠳᠡᠭᠡᠳᠦ ᠬᠡᠮᠵᠢᠶᠡᠨ ᠠᠴᠠ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠠᠪᠤᠳᠠᠯ ᠢ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠲᠤᠰ ᠨᠢᠭᠡᠴᠢ ᠶᠢᠨ ᠢᠶᠠᠨ ᠭᠤᠣᠯᠳᠠᠯᠭ᠎ᠠ ᠲᠠᠢ ᠠᠵᠢᠯ ᠤᠨ ᠬᠡᠪᠴᠢᠶᠡᠨ ᠳᠤ ᠣᠷᠣᠭᠤᠯᠵᠤ᠂ ᠨᠡᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠥᠷᠭᠡᠨ ᠤᠯᠠᠨ ᠲᠦᠮᠡᠨ ᠤ ᠬᠠᠮᠤᠭ ᠤᠨ ᠦᠨᠳᠦᠰᠦᠨ ᠠᠰᠢᠭ ᠲᠤᠰᠠ ᠶᠢ ᠰᠠᠶᠢᠲᠤᠷ ᠪᠠᠲᠤᠯᠠᠵᠤ᠂ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠬᠤ ᠬᠡᠷᠡᠭᠲᠡᠢ᠃ ᠬᠤᠶᠠᠷ ᠲᠤ ᠠᠵᠢᠯ ᠤᠨ ᠶᠠᠪᠤᠴᠠ ᠶᠢ ᠵᠢᠷᠤᠮᠵᠢᠭᠤᠯᠬᠤ ᠬᠡᠷᠡᠭᠲᠡᠢ᠃ ᠪᠦᠲᠦᠮᠵᠢᠲᠡᠶ ᠠᠷᠭ᠎ᠠ ᠪᠠᠷᠢᠯ ᠪᠠ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠢᠢᠳᠪᠦᠷᠢᠯᠡᠬᠦ ᠠᠵᠢᠯ ᠤᠨ ᠳᠦᠷᠢᠮᠵᠢᠯᠲᠡ ᠪᠠ ᠵᠢᠷᠦᠮᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠤᠰᠢᠶᠠᠨ ᠥᠭᠴᠦ ᠰᠢᠢᠳᠪᠦᠷᠢᠯᠡᠭᠦᠯᠬᠦ᠂ ᠪᠠᠶᠢᠴᠠᠭᠠᠨ ᠰᠤᠳᠤᠯᠬᠤ᠂ ᠨᠢᠭᠤᠷᠳᠠᠨ ᠵᠥᠪᠳᠡᠯᠴᠡᠬᠦ᠂ ᠬᠠᠷᠢᠭᠤᠯᠲᠠ ᠥᠭᠬᠦ᠂ ᠱᠠᠭᠠᠷᠳᠠᠨ ᠬᠢᠯᠭᠡᠬᠦ᠂ ᠰᠢᠮᠳᠠᠭᠤᠯᠤᠨ ᠰᠢᠢᠳᠪᠦᠷᠢᠯᠡᠭᠦᠯᠬᠦ ᠵᠡᠷᠭᠡ ᠠᠵᠢᠯ ᠤᠨ ᠳᠦᠷᠢᠮ ᠢ ᠲᠡᠭᠦᠯᠳᠡᠷᠵᠢᠭᠦᠯᠵᠦ᠂ ᠰᠠᠨᠠᠭᠤᠯᠭ᠎ᠠ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠴᠠ ᠡᠮᠦᠨ᠎ᠡ᠂ ᠰᠢᠢᠳᠪᠦᠷᠢᠯᠡᠬᠦ ᠳᠤᠮᠳᠠ᠂ ᠰᠢᠢᠳᠪᠦᠷᠢᠯᠡᠭᠰᠡᠨ ᠤ ᠲᠠᠷᠠᠭ᠎ᠠ ︽ᠭᠤᠷᠪᠠ ᠶᠢ ᠬᠠᠷᠢᠯᠴᠠᠬᠤ︾ ᠳᠦᠷᠢᠮ ᠢ ᠲᠡᠭᠦᠯᠳᠡᠷᠵᠢᠭᠦᠯᠵᠦ᠂ ᠰᠢᠢᠳᠪᠦᠷᠢᠯᠡᠭᠰᠡᠨ ᠪᠠᠶᠢᠳᠠᠯ ᠢᠶᠠᠨ ᠴᠠᠭ ᠲᠤᠬᠠᠢ ᠳᠤᠨᠢ ᠨᠡᠶᠢᠭᠡᠮ ᠳᠤ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ ᠭᠤᠷᠪᠠ ᠳᠤ ᠶᠠᠰᠤ ᠴᠢᠨᠠᠷ ᠦᠷ᠎ᠡ ᠪᠦᠲᠦᠮᠵᠢ ᠶᠢ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠡᠯ᠎ᠡ ᠳᠠᠭᠠᠭᠠᠨ ᠭᠦᠢᠴᠡᠳᠬᠡᠬᠦ ᠨᠢᠭᠡᠴᠢ ᠨᠦᠭᠦᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢ ᠲᠠᠢ ᠪᠠᠶᠢᠬᠤ ᠶᠢ ᠭᠦᠢᠴᠡᠳᠬᠡᠭᠰᠡᠨ ᠠᠵᠢᠯ ᠤᠨ ᠦᠷ᠎ᠡ ᠪᠦᠲᠦᠮᠵᠢ ᠶᠢ ᠬᠡᠮᠵᠢᠬᠦ ᠴᠢᠬᠤᠯᠠ ᠪᠠᠷᠢᠮᠵᠢᠶ᠎ᠠ ᠪᠣᠯᠭᠠᠵᠤ᠂ ᠨᠥᠬᠦᠴᠡᠯ ᠪᠦᠷᠢᠯᠳᠦᠭᠦᠯᠵᠦ ᠪᠠᠶᠢᠭᠠᠳ ᠤᠷᠢᠳᠴᠢᠯᠠᠨ ᠭᠦᠢᠴᠡᠳᠬᠡᠵᠦ ᠬᠠᠷᠢᠭᠤ ᠥᠭᠬᠦ ᠶᠢ ᠴᠢᠳᠠᠬᠤ ᠶᠢᠨ ᠬᠢᠷᠢ ᠪᠠᠷ ᠪᠡᠶᠡᠯᠡᠭᠦᠯᠬᠦ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠠᠨᠠᠭᠤᠯᠭ᠎ᠠ ᠪᠠ ᠰᠠᠨᠠᠯ ᠵᠥᠪᠯᠡᠯᠭᠡ ᠶᠢᠨ ᠳᠣᠲᠣᠷᠠᠬᠢ ᠰᠢᠢᠳᠪᠦᠷᠢᠯᠡᠬᠦ ᠨᠥᠬᠦᠴᠡᠯ ᠲᠠᠢ ᠶᠢ ᠨᠢ ᠰᠢᠮᠳᠠᠭᠤᠯᠤᠨ ᠰᠢᠢᠳᠪᠦᠷᠢᠯᠡᠬᠦ ᠬᠡᠷᠡᠭᠲᠡᠢ᠂ ᠨᠥᠬᠦᠴᠡᠯ ᠤᠨ ᠬᠢᠵᠠᠭᠠᠷᠯᠠᠯ ᠠᠴᠠ ᠪᠣᠯᠣᠭᠠᠳ ᠲᠦᠷ ᠴᠠᠭ ᠰᠢᠢᠳᠪᠦᠷᠢᠯᠡᠵᠦ ᠴᠢᠳᠠᠬᠤ ᠦᠭᠡᠢ ᠶᠢ ᠨᠢ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ ᠪᠠᠶᠢᠭᠠᠳ ᠠᠯᠬᠤᠮ ᠠᠯᠬᠤᠮ ᠢᠶᠠᠷ ᠰᠢᠢᠳᠪᠦᠷᠢᠯᠡᠬᠦ ᠬᠡᠷᠡᠭᠲᠡᠢ᠃ ᠳᠥᠷᠪᠡ ᠳᠤ ᠮᠥᠷᠳᠡᠨ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠰᠢᠶᠠᠨ ᠤ ᠵᠠᠰᠠᠭ ᠤᠨ ᠣᠷᠳᠣᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠬᠠᠮᠲᠤᠪᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠵᠦᠢᠯ ᠤᠨ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠬᠢᠨᠠᠯᠲᠠ ᠲᠠᠯᠪᠢᠬᠤ ᠬᠠᠳᠠᠨ ᠴᠢᠨᠠᠷ᠂ ᠭᠦᠨᠴᠡ ᠪᠠ ᠥᠷᠭᠡᠴᠡ ᠶᠢ ᠳᠡᠭᠡᠭᠰᠢᠯᠡᠭᠦᠯᠵᠦ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠠᠶᠢᠲᠤᠷ ᠰᠢᠢᠳᠪᠦᠷᠢᠯᠡᠵᠦ ᠪᠣᠳᠠᠲᠠᠢ ᠰᠢᠢᠳᠪᠦᠷᠢᠯᠡᠬᠦ ᠶᠢ ᠠᠬᠢᠭᠤᠯᠤᠨ᠎ᠠ᠃ ᠢᠯᠠᠩᠭᠤᠶ᠎ᠠ 2024 ᠣᠨ ᠤ 10 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠬᠢᠴᠠ ᠶᠢ ᠨᠠᠷᠢᠨ ᠠᠳᠬᠤᠵᠤ᠂ ᠶᠠᠰᠤ ᠴᠢᠨᠠᠷ ᠢ ᠰᠠᠶᠢᠲᠤᠷ ᠠᠳᠬᠤᠵᠤ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠡᠷᠴᠢᠮ ᠪᠣᠯᠣᠨ ᠭᠦᠨᠴᠡ ᠶᠢ ᠯᠠᠪᠳᠠᠭᠤᠨ ᠪᠠᠲᠤᠲᠠᠢ ᠠᠬᠢᠭᠤᠯᠵᠤ᠂ ᠲᠦᠷᠦᠯ ᠵᠦᠢᠯ ᠢ ᠴᠢᠨᠠᠷ ᠰᠠᠶᠢᠲᠠᠢ᠂ ᠥᠨᠳᠥᠷ ᠦᠷ᠎ᠡ ᠠᠰᠢᠭ ᠲᠠᠢ ᠪᠠᠷ ᠪᠠᠶᠢᠭᠤᠯᠤᠨ ᠪᠦᠲᠦᠭᠡᠵᠦ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠤᠯᠠᠨ ᠲᠦᠮᠡᠨ ᠤ ᠰᠡᠳᠬᠢᠯ ᠬᠠᠨᠤᠮᠵᠢᠲᠠᠢ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠭᠦᠩ ᠨᠠᠨ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号